ᠮᠣᠳᠣᠨ ᠮᠠᠯᠵᠢᠯ ᠤᠨ ᠲᠠᠯᠠᠪᠠᠢ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/1
     ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠤᠰᠤ ᠶᠢ ᠵᠠᠰᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠭᠤᠴᠢᠨ ᠭᠤᠷᠪᠠᠳᠤᠭᠠᠷ ᠬᠤᠭᠤᠴᠠᠭᠠᠨ ᠤ ︽ᠳᠡᠯᠡᠬᠡᠶ ᠶᠢᠨ ᠤᠰᠤᠨ ᠤ ᠡᠳᠦᠷ︾᠂ ᠭᠤᠴᠢᠨ ᠨᠠᠢᠮᠠᠳᠣᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠬᠦᠷᠴᠦ ᠢᠷᠡᠬᠦ ᠲᠠᠰᠢᠷᠠᠮ ᠳᠤ᠂ ᠮᠣᠳᠣᠨ ᠮᠠᠯᠵᠢᠯ ᠤᠨ ᠲᠠᠯᠠᠪᠠᠶ 3 ᠰᠠᠷ᠎ᠠ ᠶᠢᠨ 27 ᠤ ᠡᠳᠦᠷ ᠠᠵᠢᠯᠲᠠᠳ ᠢᠶᠠᠨ ᠵᠣᠬᠢᠶᠠᠨ ᠪᠠᠶᠢᠭᠤᠯᠤᠨ ᠰᠠᠭᠤᠭᠠᠯᠢ ᠠᠷᠠᠳ ᠤᠨ ᠬᠡᠷ ᠲᠤ ᠭᠦᠨᠵᠡᠭᠡᠶᠢᠷᠡᠨ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠮᠣᠳᠣᠨ ᠮᠠᠯᠵᠢᠯ ᠤᠨ ᠲᠠᠯᠠᠪᠠᠶ ᠶᠢᠨ ᠰᠠᠭᠤᠭᠠᠯᠢ ᠠᠷᠠᠳ ᠤᠨ ᠤᠰᠤ ᠠᠷᠪᠢᠯᠠᠬᠤ ᠤᠬᠠᠮᠰᠠᠷ ᠢ ᠴᠢᠩᠭᠠᠳᠬᠠᠵᠤ᠂ ᠤᠰᠤ ᠠᠷᠪᠢᠯᠠᠬᠤ ᠮᠠᠶ᠋ᠢᠭ ᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠪᠣᠶ ᠪᠣᠯᠭᠠᠬᠤ ᠳᠤ ᠬᠦᠴᠦᠨ ᠨᠡᠮᠡᠷᠢᠯᠡᠵᠦ᠂ ᠤᠰᠤ ᠠᠷᠪᠢᠯᠠᠬᠤ ᠶᠢ ᠤᠯᠤᠰ ᠤᠨ ᠠᠵᠢᠯᠯᠠᠭ᠎ᠠ᠂ ᠪᠥᠬᠦ ᠠᠷᠠᠳ ᠤᠨ ᠵᠣᠷᠢᠭ ᠰᠠᠨᠠᠭ᠎ᠠ᠂ ᠨᠡᠶᠢᠭᠡᠮ ᠤᠨ ᠬᠡᠪ ᠰᠤᠷᠲᠠᠯ ᠪᠣᠯᠭᠠᠬᠤ ᠶᠢ ᠠᠬᠢᠭᠤᠯᠪᠠ᠃    ᠮᠣᠳᠣᠨ ᠮᠠᠯᠵᠢᠯ ᠤᠨ ᠲᠠᠯᠠᠪᠠᠢ ᠦᠷᠭᠦᠯᠵᠢᠯᠡᠨ ᠬᠦᠴᠦᠯᠡᠵᠦ᠂ ᠤᠰᠤ ᠠᠷᠪᠢᠯᠠᠬᠤ᠂ ᠤᠰᠤ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠪᠦᠬᠦ ᠠᠷᠠᠳ ᠤᠨ ᠤᠰᠤ ᠠᠷᠪᠢᠯᠠᠬᠤ ᠦᠨᠢᠷ ᠥᠳᠬᠡᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠬᠥᠮᠦᠨ ᠤᠰᠤ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠰᠢᠨ᠎ᠡ ᠵᠢᠷᠤᠭ ᠢ  ᠵᠢᠷᠣᠭᠯᠠᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠤᠲᠠᠯ ᠤᠨ ᠮᠤᠩᠭᠤᠯ ᠰᠥᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号