ᠬᠠᠪᠣᠷ ᠤᠨ ᠣᠯᠠᠷᠢᠯ ᠤᠨ ᠪᠡᠯᠴᠢᠭᠡᠷ ᠡᠪᠡᠰᠦ ᠶᠢᠨ ᠨᠣᠭᠤᠭᠠᠷᠠᠬᠤ ᠬᠤᠭᠤᠴᠠᠭᠠᠨ ᠤ ᠪᠡᠯᠴᠢᠭᠡᠷ ᠢ ᠰᠡᠷᠭᠦᠭᠡᠬᠦ ᠠᠵᠢᠯ ᠤᠨ ᠲᠠᠶᠢᠴᠢᠯᠠᠯᠲᠠ ᠪᠠᠶᠢᠷᠢᠯᠠᠭᠤᠯᠣᠯᠲᠠ ᠶᠢᠨ ᠬᠤᠷᠠᠯ ᠢ  ᠬᠤᠷᠠᠯᠳᠣᠭᠤᠯᠪᠠ
ᠨᠡᠶᠢᠲᠡᠯᠡᠭᠰᠡᠨ ᠴᠠᠭ᠄
2025/4/1
    ᠴᠣᠬᠠᠠᠭᠤᠯᠠ ᠰᠣᠮᠣ 2025  ᠤᠨ   ᠤ ᠬᠠᠪᠣᠷ ᠤᠨ ᠣᠯᠠᠷᠢᠯ ᠤᠨ ᠪᠡᠯᠴᠢᠭᠡᠷ ᠡᠪᠡᠰᠦ ᠶᠢᠨ ᠨᠣᠭᠤᠭᠠᠷᠠᠬᠤ ᠬᠤᠭᠤᠴᠠᠭᠠᠨ ᠤ ᠪᠡᠯᠴᠢᠭᠡᠷ ᠢ ᠰᠡᠷᠭᠦᠭᠡᠬᠦ ᠠᠵᠢᠯ ᠤᠨ ᠲᠠᠶᠢᠴᠢᠯᠠᠯᠲᠠ ᠪᠠᠶᠢᠷᠢᠯᠠᠭᠤᠯᠣᠯᠲᠠ ᠶᠢᠨ ᠬᠤᠷᠠᠯ ᠢ  ᠬᠤᠷᠠᠯᠳᠣᠭᠤᠯᠪᠠ      2025 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠶᠢᠨ ᠨᠣᠭᠤᠭᠠᠷᠠᠬᠤ ᠬᠤᠭᠤᠴᠠᠭᠠᠨ ᠤ ᠪᠡᠯᠴᠢᠭᠡᠷ ᠥᠨᠵᠢᠭᠦᠯᠬᠦ ᠠᠵᠢᠯ ᠢ ᠦᠨᠡᠨᠬᠦ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠡᠷᠭᠦᠯᠲᠡ ᠪᠠ ᠦᠷᠭᠦᠯᠵᠢᠯᠡᠬᠦ ᠬᠥᠭᠵᠢᠯᠲᠡ ᠶᠢ ᠪᠦᠲᠦᠮᠵᠢᠲᠡᠢ ᠠᠬᠢᠭᠤᠯᠬᠤ ᠶᠢᠨ ᠲᠤᠰᠠᠳᠠ᠂ 2015 ᠣᠨ ᠤ 3 ᠳ᠋ᠤᠭᠠᠷ ᠰᠠᠷ᠎ᠠ ᠶᠢᠨ 26 ᠤ ᠡᠳᠦᠷ ᠴᠣᠬᠠᠠᠭᠤᠯᠠ ᠰᠤᠮᠤ 2015 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠶᠢᠨ ᠨᠣᠭᠤᠭᠠᠷᠠᠬᠤ ᠬᠤᠭᠤᠴᠠᠭᠠᠨ ᠳᠠᠬᠢ   ᠮᠠᠯᠵᠢᠬᠤ ᠶᠢ ᠰᠡᠷᠭᠦᠭᠡᠬᠦ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃  ᠰᠤᠮᠤᠨ ᠤ ᠳᠡᠳ᠋ ᠳᠠᠷᠤᠭ᠎ᠠ ᠪᠦᠷᠢᠨᠵᠢᠷᠭᠠᠯ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠳᠠᠷᠤᠭ᠎ᠠ ᠬᠠᠰᠪᠠᠭᠠᠲᠤᠷ ᠵᠢᠴᠢ ᠬᠠᠤᠯᠢ ᠬᠡᠷᠡᠭᠵᠢᠭᠦᠯᠬᠦ ᠠᠩᠭᠢ ᠶᠢᠨ ᠪᠦᠬᠦ ᠬᠠᠤᠯᠢ ᠬᠡᠷᠡᠭᠵᠢᠭᠦᠯᠬᠦ ᠠᠵᠢᠯᠲᠠᠨ ᠵᠢᠴᠢ ᠲᠠᠯ᠎ᠠ ᠨᠤᠲᠤᠭ ᠤᠨ ᠲᠣᠣᠷᠯᠠᠭᠴᠢ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ 2025 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠳᠤ ᠨᠠᠷᠢᠨ ᠪᠠᠶᠢᠷᠢᠯᠠᠭᠤᠯᠤᠯᠲᠠ ᠬᠢᠪᠡ᠃ ᠪᠡᠯᠴᠢᠭᠡᠷ ᠰᠡᠷᠭᠦᠭᠡᠬᠦ ᠴᠠᠭ ᠬᠤᠭᠤᠴᠠᠭ᠎ᠠ᠂ ᠬᠡᠪᠴᠢᠶ᠎ᠡ ᠵᠢᠴᠢ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ ᠶᠢᠨ ᠬᠠᠮᠲᠤ᠂ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠤ ᠠᠵᠢᠯ ᠤᠨ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠭᠠᠳᠬᠵᠤ᠂ ᠪᠦᠬᠦ ᠠᠵᠢᠯᠲᠠᠨ ᠢ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠰᠡᠯᠭᠦᠨ ᠮᠠᠯᠵᠢᠬᠤ ᠠᠵᠢᠯ ᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠱᠠᠭᠠᠷᠳᠠᠪᠠ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠬᠠᠪᠤᠷ ᠤᠨ ᠪᠡᠯᠴᠢᠭᠡᠷ ᠰᠡᠷᠭᠦᠭᠡᠬᠦ ᠠᠵᠢᠯ ᠨᠢ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠴᠢᠬᠤᠯᠠ ᠴᠢᠨᠠᠷ ᠪᠣᠯᠬᠤ ᠶᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠨᠡᠮᠡᠭᠳᠡᠭᠦᠯᠵᠦ᠂ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠬᠤᠶᠠᠷ ᠲᠤ ᠤᠬᠠᠭᠤᠯᠬᠤ ᠡᠷᠴᠢᠮ ᠢᠶᠠᠨ ᠨᠡᠮᠡᠭᠳᠡᠭᠦᠯᠬᠦ ᠬᠡᠷᠡᠭᠲᠡᠢ᠃ ᠸᠢᠴᠠᠲ ᠤᠨ ᠴᠤᠭᠯᠠᠷᠠᠯ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠡᠷᠦᠬᠡ ᠳᠤ ᠬᠦᠷᠴᠦ ᠲᠠᠶᠢᠯᠪᠤᠷᠢᠯᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠵᠢᠴᠢ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠵᠤ᠂ ᠡᠷᠦᠬᠡ ᠪᠣᠯᠭᠠᠨ ᠳᠤ ᠣᠶᠢᠯᠠᠭᠠᠭᠤᠯᠤᠨ᠂ ᠮᠠᠯᠴᠢᠳ ᠢ ᠬᠥᠲᠥᠯᠦᠨ ᠵᠢᠯᠣᠭᠤᠳᠴᠤ ᠪᠠᠶᠢᠭᠠᠳ ᠪᠡᠯᠴᠢᠭᠡᠷ ᠥᠨᠵᠢᠭᠦᠯᠬᠦ ᠠᠵᠢᠯ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠬᠤ ᠬᠡᠷᠡᠭᠲᠡᠢ᠃ ᠭᠤᠷᠪᠠ ᠳᠤ᠂ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠠᠢ᠃ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠲᠣᠭᠤᠷᠢᠨ ᠪᠠᠶᠢᠴᠠᠭᠠᠬᠤ ᠬᠦᠴᠦᠯᠡᠴᠡ ᠪᠠᠨ ᠨᠡᠮᠡᠭᠳᠡᠭᠦᠯᠵᠦ᠂ ᠳᠦᠷᠢᠮ ᠠᠴᠠ ᠵᠥᠷᠢᠴᠡᠨ ᠮᠠᠯ ᠮᠠᠯᠵᠢᠭᠰᠠᠨ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠡᠯᠴᠢᠭᠡᠷ ᠰᠡᠷᠭᠦᠭᠡᠬᠦ ᠲᠣᠭᠲᠠᠭᠠᠯ ᠠᠴᠠ ᠵᠥᠷᠢᠴᠡᠭᠰᠡᠳ ᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠤᠲᠠᠯ ᠤᠨ ᠮᠤᠩᠭᠤᠯ ᠰᠥᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号