ᠠᠷᠠᠳ ᠤᠨ ᠶᠠᠪᠤᠳᠠᠯ ᠤᠨ ᠬᠦᠷᠢᠶᠡᠨ ᠳᠠᠬᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠷᠥᠯ ᠵᠦᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/1
    ᠰᠢᠯᠢ ᠶᠢᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ 2024 ᠣᠨ ᠤ ᠠᠷᠠᠳ ᠤᠨ ᠶᠠᠪᠤᠳᠠᠯ ᠤᠨ ᠬᠦᠷᠢᠶᠡᠨ ᠳᠠᠬᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠷᠥᠯ ᠵᠦᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ     ᠠᠷᠠᠳ ᠤᠨ ᠶᠠᠪᠤᠳᠠᠯ ᠤᠨ ᠬᠦᠷᠢᠶᠡᠨ ᠳᠠᠬᠢ ᠦᠢᠯᠡᠴᠢᠯᠡᠭᠡᠨ ᠤ ᠠᠵᠢᠯ ᠢ ᠨᠠᠷᠢᠯᠢᠭᠵᠢᠭᠤᠯᠬᠤ᠂ ᠲᠤᠰᠬᠠᠶᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠰᠣᠮᠣ ᠪᠠᠯᠭᠠᠰᠤᠨ ᠤ ᠨᠡᠶᠢᠭᠡᠮ ᠤᠨ ᠠᠵᠢᠯ ᠤᠨ ᠥᠷᠲᠡᠭᠡ ᠶᠢᠨ ᠵᠢᠷᠤᠮᠵᠢᠭᠰᠠᠨ ᠪᠠᠶᠢᠭᠤᠯᠤᠯᠲᠠ ᠶᠢ ᠬᠦᠴᠦᠲᠡᠢ ᠠᠬᠢᠭᠤᠯᠬᠤ ᠶᠢᠨ ᠲᠥᠯᠥᠭᠡ᠂3 ᠰᠠᠷ᠎ᠠ ᠶᠢᠨ28 ᠤ ᠡᠳᠦᠷ ᠰᠢᠯᠢ ᠶᠢᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ 2024 ᠣᠨ ᠤ ᠠᠷᠠᠳ ᠤᠨ ᠶᠠᠪᠤᠳᠠᠯ ᠤᠨ ᠬᠦᠷᠢᠶᠡᠨ ᠳᠠᠬᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠷᠥᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠢ ᠠᠷᠠᠳ ᠤᠨ ᠶᠠᠪᠤᠳᠠᠯ ᠤᠨ ᠲᠣᠪᠴᠢᠶᠠᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠡᠷᠬᠢᠯᠡᠵᠦ᠂ ᠷᠠᠰᠢᠶᠠᠨᠪᠣᠯᠠᠭ ᠪᠠᠯᠭᠠᠰᠤ ᠵᠢᠴᠢ ᠲᠥᠷᠥᠯ ᠵᠦᠢᠯ ᠢ ᠬᠡᠷᠡᠭᠵᠢᠭᠦᠯᠬᠦ ᠭᠠᠴᠠᠭ᠎ᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠪᠠ ᠳᠠᠭᠠᠭᠠᠨ ᠠᠪᠬᠤ ᠪᠠᠶᠢᠭᠤᠯᠤᠮᠵᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    ᠲᠥᠷᠥᠯ ᠵᠦᠢᠯ ᠢ ᠳᠠᠭᠠᠭᠠᠨ ᠠᠪᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠪᠠ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠦᠪᠯᠡᠭᠡ ᠶᠢᠨ ᠲᠤᠬᠠᠢ ᠬᠠᠷᠢᠭᠤ ᠮᠡᠳᠡᠭᠦᠯᠥᠯᠲᠡ ᠬᠢᠵᠦ᠂  ᠷᠠᠰᠢᠶᠠᠨᠪᠣᠯᠠᠭ ᠪᠠᠯᠭᠠᠰᠤᠨ ᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠠᠷᠠᠳ ᠤᠨ ᠶᠠᠪᠤᠳᠠᠯ ᠤᠨ ᠬᠦᠷᠢᠶᠡᠨ ᠳᠠᠬᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠷᠥᠯ ᠵᠦᠢᠯ ᠳᠤ ᠴᠢᠭᠯᠡᠭᠦᠯᠦᠨ ᠰᠠᠨᠠᠯ ᠰᠠᠨᠠᠭᠤᠯᠭ᠎ᠠ ᠳᠤᠷᠠᠳᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠠᠬᠢ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠰᠢᠨ ᠪᠠᠭᠤᠷᠠᠢ ᠵᠡᠮᠳᠡᠭ ᠨᠢᠯᠬ᠎ᠠ ᠵᠡᠷᠭᠡ ᠬᠦᠴᠢᠷᠳᠡᠯᠲᠡᠢ ᠬᠦᠮᠦᠰ ᠲᠤ ᠨᠠᠷᠢᠨ ᠣᠨᠣᠪᠴᠢᠲᠠᠢ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ᠃ ᠬᠤᠶᠠᠷ ᠲᠤ ᠰᠤᠮᠤ ᠪᠠᠯᠭᠠᠰᠤ᠂ ᠬᠦᠯᠢᠶᠡᠨ ᠠᠪᠬᠤ ᠪᠠᠶᠢᠭᠤᠯᠤᠮᠵᠢ ᠶᠢᠨ ᠬᠠᠷᠢᠯᠴᠠᠨ ᠬᠠᠮᠵᠢᠯᠴᠠᠬᠤ ᠶᠢ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠬᠠᠮᠲᠤᠪᠠᠷ ᠠᠬᠢᠭᠤᠯᠬᠤ ᠬᠡᠷᠡᠭᠲᠡᠢ᠃ ᠭᠤᠷᠪᠠ ᠳᠤ ᠰᠤᠮᠤ ᠪᠠᠯᠭᠠᠰᠤᠨ ᠤ ᠠᠷᠠᠳ ᠤᠨ ᠶᠠᠪᠤᠳᠠᠯ ᠤᠨ ᠬᠦᠷᠢᠶ᠎ᠡ ᠴᠠᠷᠠᠭᠠᠨ ᠳᠠᠬᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠶᠢᠨ ᠵᠢᠷᠤᠮᠵᠢᠭᠰᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠳᠤᠨ ᠤ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠪᠠᠬᠢᠵᠢᠭᠦᠯᠦᠨ᠂ ᠣᠨᠴᠠᠯᠢᠭᠲᠤ ᠨᠡᠷᠡᠲᠦ ᠲᠡᠮᠳᠡᠭᠲᠦ ᠶᠢ ᠬᠦᠴᠦᠯᠡᠨ ᠡᠭᠦᠳᠬᠦ ᠬᠡᠷᠡᠭᠲᠡᠢ᠃ ᠳᠥᠷᠪᠡ ᠳᠤ᠂ ᠰᠡᠳᠬᠢᠴᠡ ᠪᠠᠨ ᠥᠷᠭᠡᠳᠬᠡᠵᠦ᠂ ᠨᠡᠶᠢᠭᠡᠮ ᠤᠨ ᠡᠯ᠎ᠡ ᠲᠠᠯ᠎ᠠ ᠶᠢᠨ ᠨᠢᠭᠦᠯᠡᠰᠦᠩᠭᠦᠢ ᠶᠢᠨ ᠡᠬᠢ ᠪᠠᠶᠠᠯᠢᠭ ᠢ ᠢᠳᠡᠪᠬᠢᠲᠡᠢ ᠥᠷᠭᠡᠳᠬᠡᠵᠦ᠂ ᠨᠢᠭᠦᠯᠡᠰᠦᠩᠭᠦᠢ ᠶᠢᠨ ᠠᠵᠢᠯ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠤᠲᠠᠯ ᠤᠨ ᠮᠤᠩᠭᠤᠯ ᠰᠥᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号