ᠪᠠᠶᠠᠨᠪᠤᠯᠠᠭ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ | | — ︽ᠪᠠᠭ᠎ᠠ ᠬᠤᠪᠢ︾ ᠪᠠᠷ ︽ᠶᠡᠭᠡ ᠪᠣᠯᠪᠠᠰᠤᠨ︾ ᠶᠢ ᠰᠣᠯᠢᠬᠤ ᠪᠣᠯᠪᠠᠰᠤᠨ ᠪᠦᠯᠬᠦᠮᠳᠡᠯ ᠲᠠᠢ ᠬᠡᠲᠦ | ᠳᠡᠯᠭᠡᠭᠦᠷ ᠤᠨ ᠬᠤᠪᠢ ᠬᠤᠷᠠᠮᠳᠤᠭᠤᠯᠵᠤ ᠰᠣᠯᠢᠬᠤ ᠠᠵᠢᠯᠯᠠᠭ᠎ᠠ ᠥᠷᠨᠢᠭᠦᠯᠪᠡ | ᠬᠤᠪᠢ ᠬᠤᠷᠠᠮᠳᠤᠭᠤᠯᠬᠤ ᠳᠦᠷᠢᠮ ᠢ ᠬᠥᠳᠡᠭᠡ ᠲᠣᠰᠬᠤᠨ ᠤ ᠵᠠᠰᠠᠯᠲᠠ ᠳᠤ ᠥᠷᠭᠡᠨ ᠢᠶᠠᠷ ᠬᠡᠷᠡᠭᠯᠡᠬᠦ ᠶᠢ ᠴᠢᠨᠠᠭᠰᠢᠳᠠ | ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠣᠯᠣᠨ ᠲᠦᠪᠰᠢᠨ ᠢ ᠪᠦᠲᠦᠮᠵᠢᠲᠡᠢ | ᠳᠡᠭᠡᠭᠰᠢᠯᠡᠭᠦᠯᠵᠦ᠂ ᠵᠠᠩ ᠳᠠᠳᠬᠠᠯ ᠢ ᠥᠭᠡᠷᠡᠴᠢᠯᠡᠬᠦ ᠠᠵᠢᠯᠯᠠᠭ᠎ᠠ ᠶᠢ ᠲᠣᠭᠲᠠᠭᠤᠨ ᠢᠶᠠᠷ ᠥᠷᠨᠢᠭᠦᠯᠵᠦ᠂ ᠲᠦᠷᠦ ᠶᠢᠨ | ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠪᠠᠶᠠᠨᠪᠤᠯᠠᠭ ᠰᠤᠮᠤᠨ ᠤ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︽ᠪᠠᠭ᠎ᠠ ᠬᠤᠪᠢ ᠬᠤᠷᠠᠮᠳᠤᠭᠤᠯᠬᠤ︾ ︽ᠶᠡᠭᠡ | ᠪᠣᠯᠪᠠᠰᠤᠨ︾ ᠤ ᠪᠣᠯᠪᠠᠰᠤᠨ ᠪᠦᠯᠬᠦᠮᠳᠡᠯ ᠲᠠᠢ ᠬᠡᠳᠦ ᠳᠡᠯᠭᠡᠭᠦᠷ ᠤᠨ ᠬᠤᠪᠢ ᠬᠤᠷᠠᠮᠳᠤᠭᠤᠯᠵᠤ ᠵᠣᠭᠤᠰ ᠰᠣᠯᠢᠬᠤ | ᠠᠵᠢᠯᠯᠠᠭ᠎ᠠ ᠶᠢ ᠥᠷᠨᠢᠭᠦᠯᠵᠡᠢ᠃ | | | | | ᠲᠤᠬᠠᠢ ᠶᠢᠨ ᠲᠠᠯᠠᠪᠠᠢ ᠳᠤ᠂ ᠮᠠᠯᠴᠢᠨ ᠲᠦᠮᠡᠨ ᠬᠤᠪᠢ ᠬᠤᠷᠠᠮᠳᠤᠭᠤᠯᠬᠤ ᠺᠠᠷᠲ ᠪᠠᠷᠢᠵᠤ᠂ ᠥᠪᠡᠷ ᠤᠨ ᠬᠤᠪᠢ | ᠬᠤᠷᠠᠮᠳᠤᠭᠤᠯᠤᠭᠰᠠᠨ ᠪᠠᠶᠢᠳᠠᠯ ᠢᠶᠠᠨ ᠦᠨᠳᠦᠰᠦᠯᠡᠨ ᠲᠣᠭᠤᠭᠰᠠᠨ ᠶᠠᠭᠤᠮ᠎ᠠ ᠪᠠᠨ ᠰᠣᠩᠭᠤᠵᠤ᠂ ᠰᠠᠶᠢᠨ ᠳᠤᠷ᠎ᠠ ᠶᠢᠨ | ᠠᠵᠢᠯᠯᠠᠭᠴᠢ ᠨᠠᠷ ᠲᠣᠰᠬᠤᠨ ᠤ ᠠᠷᠠᠳ ᠲᠤ ᠵᠣᠭᠤᠰ ᠰᠣᠯᠢᠬᠤ ᠳᠦᠷᠢᠮ ᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ | ᠲᠡᠳᠡᠨ ᠢ ᠬᠠᠪᠰᠤᠷᠤᠨ ᠵᠣᠭᠤᠰ ᠰᠣᠯᠢᠬᠤ ᠭᠠᠷ ᠭᠦᠢᠴᠡᠳᠬᠡᠯ ᠢ ᠨᠢ ᠭᠦᠢᠴᠡᠳᠬᠡᠵᠦ᠂ ᠤᠯᠠᠨ ᠤ ᠴᠢᠷᠠᠢ ᠳᠤ ᠰᠡᠳᠬᠢᠯ | ᠬᠠᠨᠤᠨ ᠪᠠᠶᠠᠷᠯᠠᠭᠰᠠᠨ ᠢᠨᠢᠶᠡᠳᠦ ᠪᠢᠯᠬᠠᠨ᠎ᠠ᠃ ᠲᠣᠰ ᠤᠳᠠᠭᠠᠨ ᠤ ᠠᠵᠢᠯᠯᠠᠭ᠎ᠠ ᠳᠤ 45 ᠮᠠᠯᠴᠢᠨ ᠡᠷᠦᠬᠡ ᠣᠷᠣᠯᠴᠠᠵᠤ᠂ | 8000 ᠲᠥᠭᠦᠷᠢᠭ ᠤᠨ ᠥᠷᠲᠡᠭ ᠪᠦᠬᠦᠢ ᠡᠳ᠋ ᠪᠣᠳᠠᠰ ᠰᠣᠯᠢᠪᠠ᠃ | | | | | 2024 ᠣᠨ ᠳᠤ᠂ ᠪᠠᠶᠠᠨᠪᠤᠯᠠᠭ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠧᠵᠢᠶᠠᠩ ᠤᠨ ︽ᠮᠢᠩᠭᠠᠨ | ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ︽ᠬᠤᠪᠢ ᠬᠤᠷᠠᠮᠳᠤᠭᠤᠯᠬᠤ | ᠳᠦᠷᠢᠮ︾ ᠤᠨ ᠬᠠᠮᠢᠶᠠᠷᠤᠯᠲᠠ ᠪᠠᠷ ᠭᠠᠷᠳᠠᠴᠠ ᠪᠣᠯᠭᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠡᠯ᠎ᠡ ᠵᠦᠢᠯ ᠤᠨ ᠬᠡᠷᠡᠭ | ᠶᠠᠪᠤᠳᠠᠯ ᠢ ᠲᠤᠭ᠎ᠠ ᠬᠡᠮᠵᠢᠶᠡᠴᠢᠯᠡᠭᠰᠡᠨ ᠭᠦᠢᠴᠡᠳᠬᠡᠯ ᠲᠤᠭ᠎ᠠ ᠪᠣᠯᠭᠠᠨ ᠬᠤᠪᠢᠷᠠᠭᠤᠯᠬᠤ ᠶᠢᠨ ᠬᠠᠮᠲᠤ᠂ ᠬᠤᠪᠢ ᠲᠣᠭᠲᠠᠭᠠᠬᠤ | ᠭᠦᠢᠴᠡᠳᠬᠡᠯ ᠲᠤᠭ᠎ᠠ ᠶᠢ ᠨᠠᠷᠢᠯᠢᠭᠵᠢᠭᠤᠯᠵᠤ᠂ ᠮᠠᠯᠵᠢᠬᠤ ᠡᠷᠦᠬᠡ ᠶᠢᠨ ᠡᠳᠦᠷ ᠲᠤᠲᠤᠮ ᠤᠨ ᠦᠶᠯᠡ ᠠᠵᠢᠯᠯᠠᠭ᠎ᠠ ᠳᠤ ᠬᠤᠪᠢ | ᠲᠣᠭᠲᠠᠭᠠᠵᠤ᠂ ᠮᠠᠯᠴᠢᠨ ᠲᠦᠮᠡᠨ ᠤ ᠬᠥᠳᠡᠭᠡ ᠲᠣᠰᠬᠤᠨ ᠤ ᠵᠠᠰᠠᠯᠲᠠ ᠶᠢᠨ ᠡᠯ᠎ᠡ ᠵᠦᠢᠯ ᠤᠨ ᠠᠵᠢᠯᠯᠠᠭ᠎ᠠ ᠳᠤ ᠣᠷᠣᠯᠴᠠᠬᠤ | ᠬᠠᠯᠠᠭᠤᠨ ᠰᠡᠳᠬᠢᠯᠭᠡ ᠶᠢ ᠶᠡᠬᠡᠪᠡᠷ ᠨᠡᠮᠡᠭᠳᠡᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠤᠷᠮᠠᠰᠢᠭᠤᠯᠵᠤ ᠬᠢᠵᠠᠭᠠᠷᠯᠠᠬᠤ | ᠦᠢᠯᠡᠳᠦᠯ ᠢ ᠪᠦᠲᠦᠮᠵᠢᠲᠡᠶ ᠪᠠᠳᠠᠷᠠᠭᠤᠯᠪᠠ᠃ | ᠲᠠᠷᠠᠭᠠᠴᠢ ᠶᠢᠨ ᠠᠯᠬᠤᠮ ᠳᠤ᠂ ᠪᠠᠶᠠᠨᠪᠤᠯᠠᠭ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠪᠢ | ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠬᠤᠪᠢ | ᠬᠤᠷᠠᠮᠳᠤᠭᠤᠯᠵᠤ ᠵᠣᠭᠤᠰ ᠰᠣᠯᠢᠬᠤ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠤᠪᠢ ᠬᠤᠷᠠᠮᠳᠤᠭᠤᠯᠬᠤ ᠨᠢ | ᠮᠠᠯᠴᠢᠨ ᠲᠦᠮᠡᠨ ᠤ ᠬᠥᠳᠡᠭᠡ ᠲᠣᠰᠬᠤᠨ ᠤ ᠵᠠᠰᠠᠯᠲᠠ ᠳᠤ ᠦᠵᠡᠭᠦᠯᠦᠭᠰᠡᠨ ᠬᠤᠪᠢ ᠨᠡᠮᠡᠷᠢ ᠶᠢ ᠦᠨᠡᠨᠬᠦ ᠲᠤᠰᠬᠠᠬᠤ ᠶᠢ | ᠪᠠᠲᠤᠯᠠᠬᠤ ᠶᠢᠨ ᠬᠠᠮᠲᠤ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠶᠢ ᠤᠬᠠᠭᠤᠯᠬᠤ ᠪᠠ ᠳᠡᠯᠭᠡᠷᠡᠭᠦᠯᠬᠦ ᠶᠢ | ᠴᠢᠩᠭᠠᠳᠬᠠᠵᠤ᠂ ᠨᠡᠩ ᠤᠯᠠᠨ ᠮᠠᠯᠴᠢᠨ ᠲᠦᠮᠡᠨ ᠳᠤ ᠡᠨᠡᠬᠦ ᠰᠢᠨ᠎ᠡ ᠶᠢ ᠡᠭᠦᠳᠬᠦ ᠵᠠᠰᠠᠯᠲᠠ ᠶᠢᠨ ᠵᠠᠭᠪᠤᠷ ᠶᠢ | ᠣᠶᠢᠯᠠᠭᠠᠭᠤᠯᠬᠤ ᠶᠢᠨ ᠬᠠᠮᠲᠤ ᠣᠷᠣᠯᠴᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢ ᠪᠣᠯᠣᠨ ᠲᠦᠪᠰᠢᠨ ᠤ | ᠳᠡᠭᠡᠭᠰᠢᠯᠡᠯᠲᠡ ᠶᠢ ᠬᠠᠮᠲᠤᠪᠠᠷ ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ | ᠰᠢᠨ᠎ᠡ ᠠᠮᠢᠵᠢᠷᠠᠯ ᠤᠨ ᠬᠦᠴᠦᠨ ᠪᠣᠯᠣᠨ ᠬᠥᠳᠡᠯᠭᠡᠬᠦ ᠬᠦᠴᠦᠨ ᠨᠡᠮᠡᠷᠢᠯᠡᠨ᠎ᠡ᠃ |