︽ᠪᠤᠬᠢᠷᠲᠤᠯ ᠲᠠᠢ ᠤᠰᠤ ᠶᠢ ᠴᠡᠪᠡᠷᠰᠢᠭᠦᠯᠬᠦ ᠪᠢᠴᠢᠬᠠᠨ ᠬᠠᠮᠠᠭᠠᠯᠠᠭᠴᠢ︾ ᠭᠤᠣᠯ ᠰᠡᠳᠦᠪᠲᠦ ᠪᠠᠶᠢᠭᠠᠯᠢ ᠶᠢᠨ ᠰᠤᠷᠭᠠᠭᠤᠯᠢ ᠤᠨ ᠪᠡᠶᠡᠴᠢᠯᠡᠨ ᠣᠶᠢᠯᠠᠭᠠᠬᠤ ᠬᠢᠴᠢᠶᠡᠯ ᠦᠷᠨᠢᠭᠦᠯᠪᠡ
ᠨᠡᠶᠢᠲᠡᠯᠡᠭᠰᠡᠨ ᠴᠠᠭ᠄
2025/4/1
     ᠰᠢᠯᠢ ᠶᠢᠨ ᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶᠠᠷᠤᠨ ᠠᠷᠠᠴᠢᠯᠠᠬᠤ ᠲᠥᠪ     — ︽ᠪᠤᠬᠢᠷᠲᠤᠯ ᠲᠠᠢ ᠤᠰᠤ ᠶᠢ ᠴᠡᠪᠡᠷᠰᠢᠭᠦᠯᠬᠦ ᠪᠢᠴᠢᠬᠠᠨ ᠬᠠᠮᠠᠭᠠᠯᠠᠭᠴᠢ︾ ᠭᠤᠣᠯ ᠰᠡᠳᠦᠪᠲᠦ ᠪᠠᠶᠢᠭᠠᠯᠢ ᠶᠢᠨ ᠰᠤᠷᠭᠠᠭᠤᠯᠢ ᠤᠨ ᠪᠡᠶᠡᠴᠢᠯᠡᠨ ᠣᠶᠢᠯᠠᠭᠠᠬᠤ ᠬᠢᠴᠢᠶᠡᠯ ᠦᠷᠨᠢᠭᠦᠯᠪᠡ     ᠭᠤᠴᠢᠨ ᠭᠤᠷᠪᠠᠳᠤᠭᠠᠷ ︽ᠳᠡᠯᠡᠬᠡᠢ ᠶᠢᠨ ᠤᠰᠤᠨ ᠤ ᠡᠳᠦᠷ︾ ᠵᠢᠴᠢ ᠭᠤᠴᠢᠨ ᠨᠠᠢᠮᠠᠳᠤᠭᠠᠷ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠬᠤᠭᠤᠴᠠᠭᠠᠨ ᠳᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠣᠯᠠᠨ ᠨᠡᠶᠢᠲᠡ ᠵᠢᠨ‌ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠪᠠᠶᠢᠭᠠᠯᠢ ᠲᠠᠢ ᠣᠶᠢᠷᠠᠳᠴᠣ᠂ ᠪᠠᠶᠢᠭᠠᠯᠢ ᠶᠢ ᠮᠡᠳᠡᠷᠡᠬᠦ ᠶᠢ ᠵᠣᠷᠢᠭᠵᠢᠭᠤᠯᠵᠤ᠂ ᠤᠰᠤ ᠶᠢ ᠠᠷᠪᠢᠯᠠᠨ ᠬᠡᠷᠡᠭᠯᠡᠬᠦ ᠪᠣᠯᠪᠠᠰᠤᠨ ᠤ ᠣᠶᠢᠯᠠᠭᠠᠭᠳᠠᠬᠤᠨ ᠢ ᠪᠣᠢ ᠪᠣᠯᠭᠠᠬᠤ ᠶᠢᠨ ᠲᠥᠯᠥᠭᠡ᠂ 3 ᠰᠠᠷ᠎ᠠ ᠶᠢᠨ 22 ᠤᠨ ᠡᠳᠦᠷ᠂ ᠰᠢᠯᠢ ᠶᠢᠨ ᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶᠠᠷᠤᠨ ᠠᠷᠠᠴᠢᠯᠠᠬᠤ ᠲᠥᠪ ᠨᠢ ᠰᠢᠯᠢ ᠶᠢᠨ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ ︽ᠪᠤᠬᠢᠷᠲᠤᠯ ᠲᠠᠢ ᠤᠰᠤ ᠶᠢ ᠴᠡᠪᠡᠷᠰᠢᠭᠦᠯᠬᠦ ᠪᠢᠴᠢᠬᠠᠨ ᠬᠠᠮᠠᠭᠠᠯᠠᠭᠴᠢ︾ ᠪᠠᠷ ᠭᠤᠣᠯ ᠰᠡᠳᠦᠪ ᠪᠣᠯᠭᠠᠭᠰᠠᠨ ᠪᠠᠶᠢᠭᠠᠯᠢ ᠶᠢᠨ ᠰᠤᠷᠭᠠᠭᠤᠯ᠊ ᠶᠢᠨ ᠬᠢᠴᠢᠶᠡᠯ ᠢ ᠵᠣᠬᠢᠶᠠᠨ ᠥᠷᠨᠢᠭᠦᠯᠪᠡ᠃ ᠲᠤᠰ ᠤᠳᠠᠭᠠᠨ ᠤ ᠠᠵᠢᠯᠯᠠᠭ᠎ᠠ ᠳᠤ ᠨᠡᠶᠢᠭᠡᠮ ᠨᠡᠶᠢᠲᠠ ᠤᠨ ᠳᠤᠮᠳᠠᠳᠤ ᠪᠠᠭ᠎ᠠ ᠰᠤᠷᠭᠠᠭᠤᠯᠢ ᠪᠠ ᠭᠡᠷ ᠤᠨ ᠠᠬᠠᠮᠠᠳ ᠢᠳᠡᠪᠬᠢᠲᠡᠢ ᠪᠠᠷ ᠨᠡᠷ᠎ᠡ ᠮᠡᠳᠡᠭᠦᠯᠤᠨ ᠣᠷᠣᠯᠴᠠᠪᠠ᠃     ᠰᠤᠷᠤᠭᠴᠢᠳ ᠲᠠᠶᠢᠯᠪᠤᠷᠢᠯᠠᠭᠴᠢ ᠶᠢᠨ ᠳᠠᠭᠠᠭᠤᠯᠭ᠎ᠠ ᠲᠣᠣᠷ᠎ᠠ ᠨᠤᠭᠤ ᠭᠠᠵᠠᠷ ᠤᠨ ᠴᠡᠴᠡᠷᠯᠢᠭ ᠤᠨ ᠤᠬᠠᠭᠤᠯᠭ᠎ᠠ ᠬᠦᠮᠤᠵᠢᠯ ᠤᠨ ᠤᠷᠳᠤᠨ ᠳᠤ ᠬᠦᠷᠴᠤ᠂ ᠤᠷᠳᠤᠨ ᠳᠤᠲᠤᠷᠠᠬᠢ ᠤᠯᠠᠨ ᠡᠰᠢᠲᠤ ᠦᠵᠡᠭᠦᠯᠭᠡ ᠶᠢᠨ ᠮᠠᠲ᠋ᠧᠷᠢᠶᠠᠯ ᠵᠢᠴᠢ ᠵᠢᠷᠤᠭ ᠪᠢᠴᠢᠭ᠂ ᠪᠤᠲᠠᠲᠤ ᠪᠤᠳᠠᠰ ᠤᠨ ᠦᠵᠡᠭᠦᠯᠭᠡ ᠵᠡᠷᠭᠡ ᠬᠡᠯᠪᠡᠷᠢ ᠪᠠᠷ ᠳᠠᠮᠵᠢᠭᠤᠯᠤᠨ᠂ ᠰᠢᠯᠢ ᠶᠢᠨ ᠭᠤᠤᠯ ᠤᠨ ᠨᠤᠭᠤ ᠭᠠᠵᠠᠷ ᠤᠨ ᠴᠡᠴᠡᠷᠯᠢᠭ ᠤᠨ ᠦᠪᠡᠷᠮᠢᠴᠡ ᠳᠦᠷᠢ ᠳᠦᠷᠬᠦ ᠶᠢ ᠪᠦᠬᠦ ᠲᠠᠯ᠎ᠠ ᠪᠠᠷ ᠢᠯᠡᠷᠡᠭᠦᠯᠪᠡ᠃ ᠡᠭᠦᠨ ᠳᠤ ᠵᠠᠩᠭᠢᠯᠠᠭ᠎ᠠ ᠶᠢᠨ ᠭᠠᠵᠠᠷ ᠵᠦᠢ ᠶᠢᠨ ᠪᠠᠶᠢᠷᠢᠯᠠᠯ᠂ ᠨᠠᠷᠢᠨ ᠪᠤᠳᠤᠯᠢᠶᠠᠨᠲᠠᠢ ᠠᠮᠢ ᠠᠬᠤᠢ ᠶᠢᠨ ᠤᠷᠴᠢᠨ ᠲᠤᠭᠤᠷᠢᠨ ᠤ ᠤᠨᠴᠠᠯᠢᠭ ᠵᠡᠷᠭᠡ ᠪᠠᠭᠲᠠᠨ᠎ᠠ᠃ ᠣᠯᠠᠨ ᠢᠶᠠᠷ ᠢᠶᠠᠨ ᠪᠦᠬᠦ ᠠᠩᠬᠠᠷᠤᠯ ᠢᠶᠠᠨ ᠲᠥᠪᠯᠡᠷᠡᠭᠦᠯᠦᠨ ᠲᠠᠶᠢᠯᠤᠮᠵᠢ ᠶᠢ ᠰᠣᠨᠣᠰᠴᠤ᠂ ᠢᠳᠡᠪᠬᠢᠲᠡᠢ ᠪᠠᠷ ᠠᠰᠠᠭᠤᠨ ᠯᠠᠪᠯᠠᠨ ᠰᠠᠨᠠᠯ ᠢᠶᠠᠨ ᠰᠤᠯᠢᠯᠴᠠᠨ᠂ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠲᠤᠬᠠᠢ ᠲᠠᠨᠢᠯᠲᠠ ᠨᠢ ᠤᠯᠠᠮ ᠲᠣᠳᠣᠷᠬᠠᠢ ᠪᠣᠯᠵᠣ᠂  ᠬᠠᠶᠢᠷᠠᠯᠠᠨ ᠬᠦᠨᠳᠤᠳᠬᠡᠬᠦ ᠰᠡᠳᠬᠢᠯᠭᠡ ᠠᠶᠠᠨᠳᠠᠭᠠᠨ ᠪᠤᠢ ᠪᠣᠯᠪᠠ᠃ ᠳᠠᠷᠠᠭ᠎ᠠ ᠨᠢ ᠰᠢᠪᠠᠭᠤ ᠰᠤᠨᠢᠷᠬᠠᠬᠤ ᠦᠵᠡᠭᠦᠯᠭᠡ ᠶᠢᠨ ᠲᠣᠭᠤᠷᠢᠭ ᠲᠤ᠂ ᠲᠠᠶᠢᠯᠪᠤᠷᠢᠯᠠᠭᠴᠢ ᠠᠴᠠ ᠨᠤᠭᠤ ᠭᠠᠵᠠᠷ ᠤᠨ ᠰᠢᠪᠠᠭᠤᠨ ᠤ ᠲᠥᠷᠥᠯ ᠪᠠ ᠠᠮᠢᠲᠠᠨ ᠤᠷᠭᠤᠮᠠᠯ ᠤᠨ ᠲᠥᠷᠥᠯ ᠵᠦᠢᠯ ᠢ ᠲᠠᠨᠢᠯᠴᠠᠭᠤᠯᠵᠤ᠂ ᠴᠥᠭᠡᠨ ᠪᠤᠰᠤ ᠰᠤᠷᠤᠭᠴᠢᠳ ᠨᠤᠭᠤ ᠭᠠᠵᠠᠷ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠲᠠᠢ ᠠᠩᠬ᠎ᠠ ᠤᠳᠠᠭ᠎ᠠ ᠰᠢᠭᠤᠳ ᠣᠶᠢᠷᠠᠳᠴᠤ᠂ ᠨᠤᠭᠤ ᠭᠠᠵᠠᠷ ᠤᠨ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠵᠠᠩᠭᠢᠯᠠᠭ᠎ᠠ ᠶᠢᠨ ᠦᠢᠯᠡᠳᠦᠯ ᠢ ᠭᠦᠨᠵᠡᠭᠡᠢ ᠣᠶᠢᠯᠠᠭᠠᠵᠤ᠂ ᠪᠠᠶᠢᠭᠠᠯᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠴᠦ ᠤᠯᠠᠮ ᠨᠢᠭᠡ ᠠᠯᠬᠤᠮ ᠳᠡᠭᠡᠭᠰᠢᠯᠡᠪᠡ᠃
    ᠲᠣᠰ ᠤᠳᠠᠭᠠᠨ ᠤ ᠠᠵᠢᠯᠯᠠᠭ᠎ᠠ ᠪᠤᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ  ᠶᠢᠨ ᠭᠦᠨᠵᠡᠭᠡᠶ ᠠᠭᠤᠰᠤᠯᠴᠠᠯ ᠤᠨ ᠭᠤᠤᠯ ᠭᠤᠭᠴᠤᠭ᠎ᠠ ᠪᠣᠯᠤᠭᠰᠠᠨ ᠤ ᠬᠤᠪᠢ ᠳᠤ᠂ ︽ᠪᠤᠬᠢᠷᠲᠤᠯ ᠲᠠᠢ ᠤᠰᠤ ᠶᠢ ᠴᠡᠪᠡᠷᠰᠢᠭᠦᠯᠬᠦ ᠪᠢᠴᠢᠬᠠᠨ ᠬᠠᠮᠠᠭᠠᠯᠠᠭᠴᠢ︾ ᠶᠢᠨ ᠲᠤᠷᠰᠢᠯᠲᠠ ᠨᠢ ᠤᠯᠠᠨ ᠤ ᠠᠩᠬᠠᠷᠤᠯ ᠢ ᠳᠠᠲᠠᠪᠠ᠃ ᠲᠠᠶᠢᠯᠪᠤᠷᠢᠯᠠᠭᠴᠢ ᠠᠴᠠ ᠰᠤᠷᠤᠭᠴᠢᠳ ᠳᠤ ᠣᠨᠣᠯ ᠤᠨ ᠲᠠᠶᠢᠯᠤᠮᠵᠢ ᠪᠣᠯᠤᠨ ᠦᠢᠯᠡᠳᠦᠯᠭᠡ ᠶᠢᠨ ᠠᠵᠢᠯᠯᠠᠭ᠎ᠠ ᠶᠢ ᠨᠢᠭᠲᠠ ᠤᠶᠠᠯᠳᠤᠭᠤᠯᠵᠤ᠂  ᠪᠤᠬᠢᠷᠲᠤᠯ   ᠲᠠᠢ ᠤᠰᠤ ᠶᠢ ᠴᠡᠪᠡᠷᠰᠢᠭᠦᠯᠬᠦ ᠰᠢᠨᠵᠢᠯᠡᠬᠦ ᠤᠬᠠᠭᠠᠨᠴᠢ ᠦᠨᠳᠦᠰᠦᠯᠡᠯ ᠪᠣᠯᠤᠨ ᠠᠵᠢᠯᠯᠠᠭᠠᠨ ᠤ ᠶᠠᠪᠤᠴᠠ ᠶᠢ ᠤᠷᠢᠳ ᠢᠶᠠᠷ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠣᠳᠣᠷᠬᠠᠶᠢᠯᠠᠨ ᠥᠭᠦᠯᠡᠵᠦ᠂ ᠳᠠᠷᠠᠭ᠎ᠠ ᠨᠢ ᠰᠤᠷᠤᠭᠴᠢᠳ ᠢ ᠵᠣᠬᠢᠶᠠᠨ ᠪᠠᠶᠢᠭᠤᠯᠤᠨ ᠲᠤᠷᠰᠢᠯᠲᠠ ᠶᠢᠨ ᠠᠵᠢᠯᠯᠠᠭ᠎ᠠ ᠥᠷᠨᠢᠭᠦᠯᠪᠡ᠃ ᠰᠤᠷᠤᠭᠴᠢᠳ ᠦᠪᠡᠷᠲᠡᠭᠡᠨ ᠭᠠᠷ ᠬᠥᠳᠡᠯᠵᠦ᠂ ᠲᠥᠬᠦᠮ ᠮᠠᠲ᠋ᠧᠷᠢᠶᠠᠯ ᠢ ᠠᠰᠢᠭᠯᠠᠨ ᠰᠢᠭᠦᠬᠦ᠂ ᠲᠤᠨᠤᠬᠤ᠂ ᠰᠤᠷᠤᠵᠤ ᠨᠠᠭᠠᠯᠳᠣᠭᠤᠯᠬᠤ ᠵᠡᠷᠭᠡ ᠴᠡᠪᠡᠷᠰᠢᠭᠦᠯᠬᠦ ᠠᠯᠬᠤᠮ ᠳᠠᠷᠠᠭ᠎ᠠ ᠶᠢ ᠪᠡᠶᠡᠯᠡᠭᠦᠯᠵᠦ᠂ ᠪᠤᠯᠠᠩᠭᠢᠷ ᠲᠠᠢ ᠤᠰᠤ ᠶᠢ ᠠᠯᠬᠤᠮ ᠠᠯᠬᠤᠮ ᠢᠶᠠᠷ ᠴᠡᠪᠡᠷ ᠪᠣᠯᠭᠠᠬᠤ ᠭᠠᠶᠢᠬᠠᠮᠰᠢᠭᠲᠤ ᠶᠠᠪᠤᠴᠠ ᠶᠢ ᠨᠢᠳᠦ ᠪᠠᠷ ᠢᠶᠠᠨ ᠣᠯᠵᠤ ᠦᠵᠡᠪᠡ᠃ ᠲᠤᠷᠰᠢᠯᠲᠠ ᠶᠢᠨ ᠶᠠᠪᠤᠴᠠ ᠳᠤ᠂ ᠤᠯᠠᠨ ᠢᠶᠠᠷ ᠢᠶᠠᠨ ᠢᠳᠡᠪᠬᠢᠲᠡᠢ ᠰᠡᠳᠬᠢᠨ ᠪᠣᠳᠣᠯᠬᠢᠯᠠᠵᠤ᠂ ᠪᠦᠯᠬᠦᠮᠳᠡᠨ ᠬᠠᠮᠵᠢᠯᠴᠠᠵᠤ᠂ ᠰᠤᠷᠤᠭᠴᠢᠳ ᠬᠥᠮᠦᠨ ᠪᠦᠬᠦᠨ ︽ᠤᠰᠤ ᠴᠡᠪᠡᠷᠰᠢᠭᠦᠯᠬᠦ ᠪᠢᠴᠢᠬᠠᠨ ᠬᠠᠮᠠᠭᠠᠯᠠᠭᠴᠢ︾ ᠪᠣᠯᠬᠤ ᠪᠠᠷ ᠴᠢᠷᠮᠠᠶᠢᠵᠤ᠂ ᠬᠡᠷᠡᠭᠯᠡᠭᠡᠨ ᠤ  ᠪᠤᠬᠢᠷᠲᠤᠯ   ᠲᠠᠢ ᠤᠰᠤ ᠶᠢ ᠴᠡᠪᠡᠷᠰᠢᠭᠦᠯᠬᠦ ᠤᠷ᠎ᠠ ᠴᠢᠳᠠᠪᠤᠷᠢ ᠶᠢ ᠡᠵᠡᠮᠰᠢᠭᠰᠡᠨ ᠢᠶᠠᠷ ᠪᠠᠷᠠᠬᠤ ᠦᠭᠡᠢ᠂ ᠨᠡᠩ ᠴᠤ ᠤᠰᠤ ᠶᠢ ᠠᠷᠪᠢᠯᠠᠨ ᠬᠡᠷᠡᠭᠯᠡᠬᠦ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠣᠶᠢᠯᠠᠭᠠᠭᠳᠠᠬᠤᠨ ᠢ ᠰᠡᠳᠬᠢᠯ ᠳᠤ ᠭᠦᠨ ᠬᠠᠳᠠᠩᠰᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠢᠨ᠎ᠡ ᠬᠡᠪ ᠰᠤᠷᠲᠠᠯ ᠢ ᠦᠢᠯᠡᠳᠦᠯᠭᠡᠵᠢᠭᠦᠯᠵᠡᠢ᠃
    ᠲᠣᠰ ᠤᠳᠠᠭᠠᠨ ᠤ ᠪᠠᠶᠢᠭᠠᠯᠢ ᠶᠢᠨ ᠰᠤᠷᠭᠠᠭᠤᠯᠢ ᠤᠨ ᠪᠡᠶᠡᠴᠢᠯᠡᠨ ᠤᠶᠢᠯᠭᠠᠬᠤ ᠬᠢᠴᠢᠶᠡᠯ ᠨᠢ ᠰᠢᠯᠢ ᠶᠢᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠲᠠᠪᠴᠠᠩ ᠢ ᠠᠰᠢᠭᠯᠠᠨ᠂ ᠵᠠᠯᠠᠭᠤᠴᠤᠳ ᠪᠠᠭᠠᠴᠤᠳ ᠪᠠᠶᠢᠭᠠᠯᠢ ᠶᠢᠨ ᠣᠷᠴᠢᠨ ᠲᠣᠭᠤᠷᠢᠨ ᠤ ᠮᠡᠳᠡᠯᠭᠡ ᠶᠢ ᠰᠢᠩᠭᠡᠭᠡᠨ ᠠᠪᠴᠤ᠂ ᠦᠢᠯᠡᠳᠦᠯᠭᠡ ᠶᠢᠨ ᠠᠵᠢᠯᠯᠠᠭ᠎ᠠ ᠳᠤᠮᠳᠠ ᠤᠰᠤ ᠶᠢ ᠠᠷᠪᠢᠯᠠᠨ ᠬᠡᠷᠡᠭᠯᠡᠬᠦ ᠤᠬᠠᠮᠰᠠᠷ ᠢᠶᠠᠨ ᠴᠢᠩᠭᠠᠳᠬᠠᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠲᠥᠪ ᠣᠯᠠᠨ ᠶᠠᠩᠵᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠠᠶᠢᠭᠠᠯᠢ ᠶᠢᠨ ᠰᠤᠷᠭᠠᠭᠤᠯᠢ ᠶᠢᠨ ᠬᠢᠴᠢᠶᠡᠯ ᠤᠨ ᠬᠡᠯᠪᠡᠷᠢ ᠪᠠᠷ ᠵᠠᠯᠠᠭᠤᠴᠤᠳ ᠪᠠᠭᠠᠴᠤᠳ ᠲᠤ ᠪᠠᠶᠢᠭᠠᠯᠢ ᠲᠠᠢ ᠣᠶᠢᠷᠠᠲᠤᠬᠤ᠂ ᠣᠷᠴᠢᠨ ᠲᠣᠭᠤᠷᠢᠨ ᠢ ᠬᠠᠮᠠᠭᠠᠯᠠᠬᠤ ᠮᠡᠳᠡᠯᠭᠡ ᠶᠢ ᠰᠤᠷᠤᠯᠴᠠᠬᠤ ᠠᠵᠠ ᠲᠣᠬᠢᠶᠠᠯ ᠢ ᠡᠭᠦᠳᠦᠨ ᠥᠭᠴᠦ᠂ ᠪᠠᠶᠢᠭᠠᠯᠢ ᠶᠢᠨ ᠡᠬᠢ ᠪᠠᠶᠠᠯᠢᠭ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠭᠠᠷ ᠬᠤᠯᠪᠣᠨ ᠬᠠᠮᠲᠤ ᠪᠠᠷ ᠬᠠᠮᠠᠭᠠᠯᠠᠨ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠤᠲᠠᠯ ᠤᠨ ᠮᠤᠩᠭᠤᠯ ᠰᠥᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号