ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ ᠡᠨᠡ 4 ᠵᠦᠢᠯ ᠤᠨ ᠶᠠᠪᠤᠳᠠᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/4/1
     2025 ᠣᠨ ᠤ 3 ᠳ᠋ᠤᠭᠠᠷ ᠰᠠᠷ᠎ᠠ ᠶᠢᠨ 28 ᠤ ᠡᠳᠦᠷ      ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ     1     ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠦ᠋ᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠᠬᠤᠷᠠᠯᠳᠤᠭᠠᠨ ᠢᠶᠠᠷ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠬᠤᠷᠳᠤᠴᠠ ᠲᠦᠷᠭᠡᠨ᠂ ᠳᠠᠯᠳᠠ ᠬᠦᠴᠦᠨ ᠶᠡᠭᠡ᠂ ᠳᠠᠶᠢᠴᠢᠯᠠᠬᠤ ᠦᠢᠯᠡᠳᠦᠯ ᠴᠢᠩᠭ᠎ᠠ ᠪᠠᠶᠢᠵᠤ᠂ ᠮᠠᠨ ᠤ ᠤᠯᠤᠰ ᠤᠨ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠴᠢᠬᠤᠯᠠ ᠬᠦᠴᠦᠨ ᠪᠣᠯᠤᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ᠰᠢᠨ᠎ᠡ ᠨᠢᠭᠡ ᠡᠭᠡᠯᠵᠢ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠡᠪᠴᠢᠶ᠎ᠡ ᠶᠢ ᠥᠷᠭᠡᠳᠬᠡᠬᠦ ᠠᠵᠢᠯ ᠢ ᠰᠠᠶᠢᠲᠤᠷ ᠬᠢᠵᠦ᠂ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃     ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠡᠰ ᠳᠡᠪᠰᠢᠭᠦᠯᠬᠦ ᠶᠢ ᠠᠬᠢᠭᠤᠯᠵᠤ᠂ ᠪᠣᠭᠤᠮᠲᠠ ᠪᠠᠷ ᠥᠩᠭᠡᠷᠡᠬᠦ᠂ ᠭᠠᠶᠢᠯᠢ ᠶᠢᠨ ᠶᠠᠪᠤᠳᠠᠯ᠂ ᠭᠠᠳᠠᠭᠠᠳᠤ ᠭᠤᠪᠢᠭᠤᠯᠭ᠎ᠠ᠂ ᠳ᠋ᠠᠶᠢᠲ᠋ᠠ ᠶᠢᠨ ᠭᠦᠢᠯᠭᠡᠭᠡ ᠵᠡᠷᠭᠡ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠤᠨ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠶᠢ ᠳᠡᠮᠵᠢᠬᠦ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠢ ᠬᠠᠪᠰᠤᠷᠴᠤ ᠪᠠᠶᠢᠭᠠᠳ ᠵᠠᠬ᠎ᠠ ᠳᠡᠯᠭᠡᠭᠦᠷ ᠢ ᠥᠷᠭᠡᠳᠬᠡᠨ᠂ ᠲᠦᠷᠦᠯ ᠲᠡᠮᠳᠡᠭ ᠢ ᠪᠤᠢ ᠪᠣᠯᠭᠠᠵᠤ᠂ ᠨᠡᠩ ᠰᠠᠶᠢᠲᠤᠷ ᠬᠥᠭᠵᠢᠭᠦᠯᠦᠨ᠎ᠡ᠃     2      ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠲᠦᠷᠭᠡᠪᠴᠢᠯᠡᠨ ᠬᠦᠴᠦ ᠭᠠᠷᠭᠠᠵᠤ ᠢᠯᠭᠠᠷᠠᠭᠤᠯᠤᠨ ᠲᠢᠭᠯᠡᠬᠦ ᠠᠵᠢᠯ ᠢ ᠪᠠᠶᠢᠷᠢᠯᠠᠭᠤᠯᠪᠠ     ᠬᠤᠷᠠᠯᠳᠤᠭᠠᠨ ᠢᠶᠠᠷ ︽ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠲᠦᠷᠭᠡᠪᠴᠢᠯᠡᠨ ᠬᠦᠴᠦ ᠭᠠᠷᠭᠠᠵᠤ ᠢᠯᠭᠠᠷᠠᠭᠤᠯᠤᠨ ᠲᠢᠭᠯᠡᠬᠦ ᠠᠵᠢᠯᠯᠠᠭᠠᠨ ᠤ ᠲᠥᠰᠥᠯ︾ ᠢ ᠬᠢᠨᠠᠨ ᠵᠥᠪᠯᠡᠵᠦ ᠪᠠᠲᠤᠯᠠᠪᠠ᠃ᠬᠤᠷᠠᠯᠳᠤᠭᠠᠨ ᠢᠶᠠᠷ ᠴᠢᠬᠤᠯᠠᠴᠢᠯᠠᠭᠰᠠᠨ ᠨᠢ᠂ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠲᠣᠭᠲᠠᠴᠠ ᠶᠢ ᠪᠦᠷᠢᠨᠰᠢᠭᠦᠯᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠦᠨ᠂ ᠡᠬᠢ ᠡᠭᠦᠰᠦᠯ ᠠᠴᠠ ᠨᠢ ᠵᠠᠰᠠᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠵᠤ᠂ ᠥᠷᠢ ᠰᠢᠷᠢ ᠶᠢ ᠢᠯᠭᠠᠷᠠᠭᠤᠯᠬᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠨ᠂ ᠥᠷᠢ ᠰᠢᠷᠢ ᠶᠢᠨ ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠨ᠎ᠠ ᠭᠡᠵᠡᠢ᠃     3     ᠲᠠᠷᠢᠶᠠᠯᠠᠩ ᠤᠨ ᠮᠠᠰᠢᠨ ᠲᠣᠨᠣᠭᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠪᠠ     ᠬᠤᠷᠠᠯᠳᠤᠭᠠᠨ ᠢᠶᠠᠷ᠂ ᠲᠠᠷᠢᠶᠠᠯᠠᠩ ᠤᠨ ᠮᠠᠰᠢᠨ ᠲᠣᠨᠣᠭᠯᠠᠯ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠴᠢᠬᠤᠯᠠ ᠲᠤᠯᠭᠠᠭᠤᠷᠢᠯᠠᠯ ᠪᠣᠯᠣᠨ᠎ᠠ ᠭᠡᠵᠦ ᠵᠢᠭᠠᠵᠤ ᠭᠠᠷᠭᠠᠪᠠ᠃     ᠲᠠᠷᠢᠶᠠᠯᠠᠩ ᠤᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠬᠤ᠂ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠨ᠂ ᠰᠠᠭᠤᠷᠢ ᠮᠡᠷᠭᠡᠵᠢᠯ ᠳᠤ ᠰᠢᠪᠲᠤᠯᠤᠯᠲᠠ ᠭᠠᠷᠭᠠᠬᠤ᠂ ᠰᠢᠨ᠎ᠡ ᠶᠢ ᠡᠭᠦᠳᠬᠦ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠰᠢᠯᠢᠳᠡᠭ ᠠᠵᠤ ᠠᠬᠤᠶᠢᠯᠠᠯ ᠢ ᠪᠣᠶᠢᠵᠢᠭᠤᠯᠬᠤ᠂ ᠠᠵᠤ ᠦᠢᠯᠡᠰ ᠤᠨ ᠪᠦᠯᠦᠭᠵᠢᠯ ᠢ ᠪᠤᠢ ᠪᠣᠯᠭᠠᠬᠤ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠡᠯᠭᠡ ᠲᠡᠮᠳᠡᠭ ᠤᠨ ᠴᠢᠨᠠᠷᠲᠠᠢ ᠦᠢᠯᠡᠳᠬᠦᠨ ᠢ ᠰᠤᠳᠤᠯᠤᠨ ᠦᠢᠯᠡᠳᠬᠦ ᠪᠠ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠷᠭᠡᠳᠬᠡᠨ᠎ᠡ᠃     ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠯᠲᠡ ᠶᠢᠨ ᠨᠡᠮᠡᠭᠦᠷᠢ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠵᠡᠷᠭᠡ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠭᠦᠢᠴᠡᠳ ᠬᠡᠷᠡᠭᠯᠡᠵᠦ᠂ ᠵᠠᠪᠰᠠᠷ ᠤᠨ ᠲᠤᠷᠰᠢᠯᠲᠠ ᠶᠢᠨ ᠰᠢᠯᠭᠠᠨ ᠪᠠᠲᠤᠯᠠᠯᠲᠠ ᠪᠠ ᠪᠣᠯᠪᠠᠰᠤᠷᠠᠩᠭᠤᠢ ᠬᠡᠷᠡᠭᠯᠡᠯᠲᠡ ᠶᠢ ᠴᠢᠩᠭᠠᠳᠬᠠᠨ᠂ ᠲᠡᠷᠢᠭᠦᠨ ᠤ ᠪᠥᠭᠡᠳ ᠲᠣᠬᠢᠷᠠᠯᠴᠠᠭᠰᠠᠨ ᠲᠠᠷᠢᠶᠠᠯᠠᠩ ᠤᠨ ᠮᠠᠰᠢᠨ ᠲᠣᠨᠣᠭᠯᠠᠯ ᠤᠨ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ ᠶᠢ ᠠᠬᠢᠭᠤᠯᠤᠨ᠎ᠠ᠃     ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠬᠢᠨᠠᠨ ᠲᠣᠭᠲᠠᠭᠠᠵᠤ ᠪᠠᠶᠢᠴᠠᠭᠠᠨ ᠰᠢᠯᠭᠠᠵᠤ ᠭᠡᠷᠡᠴᠢᠯᠡᠬᠦ ᠠᠵᠢᠯ ᠢ ᠰᠠᠶᠢᠲᠤᠷ ᠬᠢᠵᠦ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠩ ᠤᠨ ᠮᠠᠰᠢᠨ ᠲᠣᠨᠣᠭᠯᠠᠯ ᠤᠨ ᠦᠢᠯᠡᠳᠬᠦᠨ ᠤ ᠲᠦᠷᠭᠡᠬᠡᠨ ᠲᠠᠰ ᠳᠡᠪᠰᠢᠬᠦ ᠶᠢ ᠨᠢ ᠠᠬᠢᠭᠤᠯᠤᠨ᠎ᠠ᠃     4     ︽ᠬᠢᠯᠢ ᠶᠢᠨ ᠪᠣᠭᠤᠮᠲᠠ ᠶᠢᠨ ᠨᠡᠭᠡᠭᠡᠯᠲᠡᠲᠡᠢ ᠪᠠᠶᠢᠷᠢᠰᠢᠯ ᠢ ᠰᠢᠯᠢᠳᠡᠭᠵᠢᠭᠦᠯᠬᠦ ᠲᠤᠬᠠᠢ ᠰᠠᠨᠠᠯ ᠤᠳ︾ ᠢ ᠬᠢᠨᠠᠨ ᠵᠥᠪᠯᠡᠵᠦ ᠪᠠᠲᠤᠯᠠᠪᠠ     ᠬᠤᠷᠠᠯᠳᠤᠭᠠᠨ ᠢᠶᠠᠷ᠂ ᠬᠢᠯᠢ ᠶᠢᠨ ᠪᠣᠭᠤᠮᠲᠠ ᠶᠢᠨ ᠨᠡᠭᠡᠭᠡᠯᠲᠡᠲᠡᠢ ᠪᠠᠶᠢᠷᠢᠰᠢᠯ ᠢ ᠰᠢᠯᠢᠳᠡᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ᠂ ᠥᠨᠳᠥᠷ ᠲᠦᠪᠰᠢᠨ ᠪᠦᠬᠦᠢ ᠨᠡᠭᠡᠭᠡᠯᠲᠡ ᠶᠢ ᠠᠬᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠭᠡᠵᠦ ᠵᠢᠭᠠᠵᠤ ᠭᠠᠷᠭᠠᠵᠠᠢ᠃     ᠪᠠᠶᠢᠷᠢ ᠲᠣᠭᠲᠠᠭᠠᠯᠲᠠ ᠨᠢ ᠲᠣᠳᠣᠷᠬᠠᠢ᠂ ᠴᠢᠳᠠᠮᠵᠢ ᠨᠢ ᠬᠠᠷᠢᠯᠴᠠᠨ ᠨᠥᠬᠦᠪᠦᠷᠢᠯᠡᠭᠰᠡᠨ ᠳᠠᠯᠠᠶ ᠳᠠᠭᠠᠤ᠂ ᠬᠢᠯᠢ ᠬᠢᠵᠠᠭᠠᠷ᠂ ᠠᠭᠠᠷ ᠠᠶᠠᠯᠠᠯ᠂ ᠳᠣᠲᠣᠭᠠᠳᠤ ᠭᠤᠣᠯ ᠮᠥᠷᠡᠨ ᠤ ᠬᠢᠯᠢ ᠶᠢᠨ ᠪᠣᠭᠤᠮᠲᠠ ᠶᠢ ᠪᠤᠶ ᠪᠣᠯᠭᠠᠵᠤ᠂ ᠭᠤᠣᠯᠳᠠᠯᠭ᠎ᠠ ᠪᠣᠯᠬᠤ ᠬᠦᠢᠰᠦ ᠪᠠ ᠣᠷᠣᠨ ᠪᠦᠰᠡ ᠶᠢᠨ ᠵᠠᠩᠭᠢᠯᠠᠭ᠎ᠠ ᠴᠡᠭ ᠤᠨ ᠬᠢᠯᠢ ᠶᠢᠨ ᠪᠣᠭᠤᠮᠲᠠ ᠶᠢ ᠲᠦᠷᠭᠡᠳᠬᠡᠨ ᠪᠦᠲᠦᠭᠡᠨ ᠪᠠᠶᠢᠭᠤᠯᠵᠤ᠂ ᠬᠢᠯᠢ ᠶᠢᠨ ᠪᠣᠭᠤᠮᠲᠠ ᠶᠢᠨ ᠴᠢᠳᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠂ ᠲᠤᠰᠬᠠᠶᠢᠵᠢᠭᠰᠠᠨ ᠬᠢᠯᠢ ᠶᠢᠨ ᠪᠣᠭᠤᠮᠲᠠ ᠶᠢᠨ ᠴᠢᠳᠠᠮᠵᠢ ᠶᠢ ᠥᠷᠭᠡᠳᠬᠡᠵᠦ᠂ ᠡᠷᠴᠢᠮᠵᠢᠭᠦᠯᠦᠭᠰᠡᠨ ᠣᠶᠤᠨᠴᠢ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠢᠯᠢ ᠶᠢᠨ ᠪᠣᠭᠤᠮᠲᠠ ᠪᠠᠷ ᠥᠩᠭᠡᠷᠡᠬᠦ ᠲᠥᠬᠦᠮ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠯᠢ ᠶᠢᠨ ᠪᠣᠭᠤᠮᠲᠠ ᠶᠢᠨ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠠ ᠠᠮᠤᠷ ᠲᠦᠪᠰᠢᠨ ᠤ ᠦᠷ᠎ᠡ ᠠᠰᠢᠭ ᠢ ᠪᠥᠬᠦ ᠲᠠᠯ᠎ᠠ ᠪᠠᠷ ᠨᠡᠮᠡᠭᠳᠡᠭᠦᠯᠦᠨ᠂ ᠬᠢᠯᠢ ᠶᠢᠨ ᠪᠣᠭᠤᠮᠲᠠ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠨᠠᠩ ᠶᠡᠭᠡ ᠦᠢᠯᠡᠳᠦᠯ ᠪᠠᠳᠠᠷᠠᠭᠤᠯᠬᠤ ᠶᠢ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号