ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 8 ᠤ ᠴᠠᠭᠢᠯᠭᠠᠨ ᠮᠡᠳᠡᠭᠡ ᠣᠶᠢᠷ᠎ᠠ ᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ︽ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠠᠵᠢᠯ | ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ | ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠴᠢᠨᠠᠷ ᠰᠠᠶᠢᠲᠠᠢ ᠠᠵᠢᠯ ᠣᠯᠭᠤᠯᠲᠠ ᠶᠢᠨ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠵᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠭᠦᠢᠴᠡᠳ ᠠᠵᠢᠯ | ᠣᠯᠭᠤᠯᠲᠠ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠠᠵᠢᠯ ᠳᠤ ᠪᠠᠶᠢᠷᠢᠯᠠᠭᠤᠯᠤᠯᠲᠠ ᠬᠢᠪᠡ᠃ | ︽ᠰᠠᠨᠠᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠰᠤᠷᠭᠠᠨ ᠬᠥᠮᠦᠵᠢᠯ᠂ ᠪᠣᠯᠪᠠᠰᠤᠷᠠᠯ ᠪᠠ ᠠᠵᠢᠯ | ᠣᠯᠭᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠵᠤ ᠦᠢᠯᠡᠰ ᠤᠨ ᠦᠵᠦᠭᠦᠷᠯᠢᠭ ᠤᠨ | ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠ ᠠᠵᠢᠯ ᠣᠯᠭᠤᠯᠲᠠ ᠶᠢᠨ ᠦᠵᠦᠭᠦᠷᠯᠢᠭ ᠤᠨ ᠦᠨᠡᠯᠡᠯᠲᠡ ᠶᠢᠨ | ᠬᠠᠷᠢᠭᠤ ᠲᠤᠰᠬᠠᠯ ᠢᠶᠠᠷ ᠵᠢᠯᠣᠭᠤᠳᠤᠯᠭ᠎ᠠ ᠪᠤᠯᠭᠠᠵᠤ᠂ ᠬᠥᠮᠥᠵᠢᠭᠦᠯᠵᠦ ᠬᠠᠩᠭᠠᠬᠤ᠂ ᠠᠵᠢᠯ ᠣᠯᠭᠤᠯᠲᠠ ᠶᠢᠨ | ᠵᠢᠯᠣᠭᠤᠳᠤᠯᠭ᠎ᠠ ᠬᠢᠬᠦ᠂ ᠠᠵᠢᠯ ᠡᠷᠢᠵᠦ ᠠᠵᠢᠯᠲᠠᠨ ᠡᠯᠰᠡᠬᠦ᠂ ᠬᠠᠪᠰᠤᠷᠤᠨ ᠲᠡᠳᠬᠦᠵᠦ ᠲᠤᠰᠠᠯᠠᠬᠤ᠂ ᠬᠢᠨᠠᠨ ᠬᠡᠮᠵᠢᠵᠦ | ᠦᠨᠡᠯᠡᠬᠦ ᠵᠡᠷᠭᠡ ᠦᠢᠯᠡᠴᠢᠯᠡᠭᠡ ᠶᠢ ᠪᠦᠭᠦ ᠬᠡᠯᠬᠢᠶ᠎ᠡ ᠪᠠᠷ ᠰᠢᠯᠢᠳᠡᠭᠵᠢᠭᠦᠯᠵᠦ᠂ ᠨᠡᠩ ᠤᠯᠠᠨ ᠰᠤᠷᠤᠬᠰᠠᠨ ᠪᠠ | ᠳᠠᠪᠠᠭᠤᠯᠢᠭ ᠢᠶᠠᠨ ᠪᠠᠳᠠᠷᠠᠭᠤᠯᠬᠤ ᠳᠤ ᠠᠰᠢᠭᠲᠠᠢ ᠠᠵᠢᠯ ᠣᠯᠭᠤᠬᠤ ᠠᠵᠢᠯ ᠤᠨ ᠪᠠᠶᠢᠷᠢ ᠶᠢ ᠨᠡᠭᠡᠭᠡᠵᠦ᠂ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠮᠥᠨ ᠪᠠ ᠠᠵᠢᠯ ᠤᠨ ᠪᠠᠶᠢᠷᠢ ᠶᠢ ᠬᠠᠷᠢᠯᠴᠠᠨ | ᠵᠣᠬᠢᠴᠠᠭᠤᠯᠬᠤ᠂ ᠬᠥᠮᠥᠨ ᠤ ᠳᠠᠪᠠᠭᠤᠯᠢᠭ ᠢ ᠨᠢ ᠦᠵᠡᠵᠦ ᠬᠡᠷᠡᠭᠯᠡᠬᠦ᠂ ᠬᠥᠮᠥᠨ ᠤ ᠴᠢᠳᠠᠪᠤᠷᠢ ᠶᠢ ᠨᠢ ᠪᠦᠷᠢᠨ | ᠪᠠᠳᠠᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠠᠵᠢᠯ ᠣᠯᠭᠤᠯᠲᠠ ᠶᠢᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ | ᠳᠡᠭᠡᠭᠰᠢᠯᠡᠭᠦᠯᠦᠨ᠎ᠡ᠃ 3 ᠠᠴᠠ 5 ᠵᠢᠯ ᠦᠷᠭᠦᠯᠵᠢᠯᠡᠨ ᠴᠢᠷᠮᠠᠶᠢᠬᠤ ᠪᠠᠷ ᠳᠡᠮᠵᠢᠨ᠂ ᠪᠦᠭᠦ ᠠᠵᠢᠯᠲᠠᠨ ᠢ ᠬᠠᠮᠤᠷᠤᠭᠰᠠᠨ᠂ | ᠴᠢᠳᠠᠮᠵᠢ ᠨᠢ ᠪᠦᠷᠢᠨ ᠲᠡᠭᠦᠯᠳᠡᠷ᠂ ᠪᠠᠲᠤᠯᠠᠭ᠎ᠠ ᠨᠢ ᠬᠦᠴᠦᠲᠡᠢ ᠦᠢᠯᠡᠴᠢᠯᠡᠭᠡᠨ ᠤ ᠰᠢᠰᠲ᠋ᠧᠮ ᠢ ᠦᠨᠳᠦᠰᠦᠨ ᠳᠡᠭᠡᠨ | ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠭᠦᠢᠴᠡᠳ ᠠᠵᠢᠯ ᠣᠯᠬᠤ ᠶᠢ | ᠠᠬᠢᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃ | ︽ᠰᠠᠨᠠᠯ︾ ᠳᠤ᠂ ᠬᠥᠮᠥᠵᠢᠭᠦᠯᠵᠦ ᠬᠠᠩᠭᠠᠬᠤ ᠰᠢᠰᠲ᠋ᠧᠮ ᠢ ᠰᠢᠯᠢᠳᠡᠭᠵᠢᠭᠦᠯᠦᠨ᠎ᠡ᠃ ᠴᠢᠳᠠᠪᠤᠷᠢᠲᠠᠨ ᠤ | ᠬᠥᠭᠵᠢᠯᠲᠡ ᠶᠢᠨ ᠬᠠᠨᠳᠤᠰᠢ ᠵᠢᠴᠢ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ | ᠮᠠᠭᠠᠳᠯᠠᠵᠤ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ | ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ ᠪᠠᠷᠠᠯᠠᠯᠲᠤ ᠴᠢᠨᠠᠷᠲᠠᠢ ᠵᠠᠳᠠᠯᠤᠯᠲᠠ ᠶᠢ ᠥᠷᠨᠢᠭᠦᠯᠦᠨ᠎ᠡ᠃ | ᠬᠠᠩᠭᠠᠯᠭ᠎ᠠ ᠬᠡᠷᠡᠭᠴᠡᠭᠡ ᠶᠢᠨ ᠲᠣᠬᠢᠷᠠᠭᠤᠯᠤᠯᠲᠠ ᠪᠠᠷ ᠤᠳᠤᠷᠢᠳᠤᠮᠵᠢ ᠪᠣᠯᠭᠠᠨ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠲᠤᠰᠬᠠᠢ ᠮᠡᠷᠭᠡᠵᠢᠯ ᠪᠠ ᠡᠬᠢ ᠪᠠᠶᠠᠯᠢᠭ ᠤᠨ ᠪᠦᠲᠦᠴᠡ ᠶᠢᠨ ᠪᠠᠶᠢᠷᠢᠰᠢᠭᠤᠯᠤᠯᠲᠠ ᠶᠢ | ᠬᠥᠳᠡᠯᠦᠩᠭᠦᠢ ᠪᠠᠷ ᠲᠣᠬᠢᠷᠠᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠡᠪᠴᠢᠶ᠎ᠡ᠂ ᠪᠦᠲᠦᠴᠡ᠂ ᠶᠠᠰᠤ | ᠴᠢᠨᠠᠷ ᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠨᠠᠩ ᠢᠯᠡᠭᠦᠦ | ᠨᠡᠶᠢᠴᠡᠭᠦᠯᠬᠦ ᠶᠢ ᠠᠬᠢᠭᠤᠯᠤᠨ᠎ᠠ᠃ ᠰᠣᠷᠣᠬᠴᠢ ᠡᠯᠰᠡᠬᠦ ᠲᠥᠯᠥᠪᠯᠡᠭᠡ᠂ ᠴᠢᠳᠠᠪᠤᠷᠢᠲᠠᠨ ᠬᠥᠮᠥᠵᠢᠭᠦᠯᠬᠦ ᠬᠢᠭᠡᠳ ᠠᠵᠢᠯ | ᠣᠯᠭᠤᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠣᠷᠣᠬᠴᠢ ᠡᠯᠰᠡᠬᠦ | ᠲᠥᠯᠥᠪᠯᠡᠭᠡ ᠶᠢᠨ ᠬᠤᠪᠢᠶᠠᠷᠢᠯᠠᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ᠂ ᠶᠡᠭᠡ ᠳᠡᠭᠡᠳᠦ ᠰᠤᠷᠭᠠᠭᠤᠯᠢ ᠶᠢᠨ ᠨᠠᠩ | ᠠᠮᠢᠳᠤᠯᠢᠭ ᠰᠤᠷᠤᠯᠴᠠᠬᠤ ᠳᠦᠷᠢᠮ ᠪᠠᠶᠢᠭᠤᠯᠬᠤ ᠶᠢ ᠵᠣᠷᠢᠭᠵᠢᠭᠤᠯᠵᠤ᠂ ᠲᠤᠰᠬᠠᠢ ᠮᠡᠷᠭᠡᠵᠢᠯ ᠢᠶᠠᠨ ᠰᠣᠯᠢᠬᠤ᠂ ᠪᠤᠰᠤᠳ | ᠲᠤᠰᠬᠠᠢ ᠮᠡᠷᠭᠡᠵᠢᠯ ᠢ ᠬᠠᠪᠰᠤᠷᠭᠠᠨ ᠰᠤᠷᠬᠤ ᠵᠡᠷᠭᠡ ᠲᠣᠭᠲᠠᠭᠠᠯ ᠢ ᠲᠡᠭᠦᠯᠳᠡᠷᠵᠢᠭᠦᠯᠦᠨ᠎ᠡ ᠭᠡᠵᠦ ᠳᠤᠷᠠᠳᠪᠠ᠃ | ︽ᠰᠠᠨᠠᠯ︾ ᠳᠤ᠂ ᠠᠵᠢᠯ ᠣᠯᠭᠤᠯᠲᠠ ᠶᠢᠨ ᠵᠢᠯᠤᠭᠤᠳᠬᠤ ᠰᠢᠰᠲ᠋ᠧᠮ ᠢ ᠴᠢᠩᠭᠠᠳᠬᠠᠵᠤ᠂ ᠠᠵᠢᠯ ᠡᠷᠢᠬᠦ ᠠᠵᠢᠯᠲᠠᠨ | ᠡᠯᠰᠡᠬᠦ ᠰᠢᠰᠲ᠋ᠧᠮ ᠢ ᠪᠦᠷᠢᠨᠰᠢᠭᠦᠯᠦᠨ᠂ ᠬᠠᠪᠰᠤᠷᠤᠨ ᠲᠡᠳᠬᠦᠵᠦ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠢᠨᠠᠨ | ᠬᠡᠮᠵᠢᠵᠦ ᠦᠨᠡᠯᠡᠬᠦ ᠰᠢᠰᠲ᠋ᠧᠮ ᠤᠨ ᠰᠢᠨ᠎ᠡ ᠶᠢ ᠡᠭᠦᠳᠦᠨ᠎ᠡ᠃ ᠠᠮᠢᠳᠤᠷᠠᠬᠤᠢ ᠶᠢᠨ ᠬᠥᠮᠦᠵᠢᠯ ᠬᠢᠭᠡᠳ ᠠᠵᠢᠯ | ᠣᠯᠭᠤᠯᠲᠠ ᠶᠢᠨ ᠵᠢᠯᠣᠭᠤᠳᠤᠯᠭ᠎ᠠ ᠶᠢ ᠴᠢᠩᠭᠠᠷᠠᠭᠤᠯᠵᠤ᠂ ᠨᠢᠭᠡ ᠪᠦᠯᠦᠭ ᠤᠯᠤᠰ ᠤᠨ ᠲᠥᠯᠦᠪᠵᠢᠭᠦᠯᠭᠡ ᠶᠢᠨ ᠵᠢᠭᠠᠬᠤ | ᠮᠠᠲ᠋ᠧᠷᠢᠶᠠᠯ᠂ ᠵᠢᠱᠢᠶ᠎ᠡ ᠦᠵᠡᠭᠦᠯᠭᠦ ᠬᠢᠴᠢᠶᠡᠯ ᠪᠠ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠪᠤᠶ ᠪᠤᠯᠭᠠᠵᠤ᠂ ᠠᠵᠢᠯ | ᠣᠯᠭᠤᠬᠤ ᠬᠥᠮᠦᠵᠢᠯ ᠢ ᠪᠦᠭᠦ ᠠᠵᠢᠯᠲᠠᠨ ᠠᠵᠢᠯᠴᠢᠨ ᠪᠦᠭᠦ ᠶᠠᠪᠤᠴᠠ ᠪᠦᠭᠦ ᠲᠠᠯ᠎ᠠ ᠪᠠᠷ ᠬᠥᠮᠥᠨ ᠬᠥᠮᠥᠵᠢᠭᠦᠯᠬᠦ ᠶᠢᠨ | ᠴᠢᠬᠤᠯᠠ ᠠᠭᠤᠯᠭ᠎ᠠ ᠪᠤᠯᠭᠠᠵᠤ᠂ ᠠᠵᠢᠯ ᠣᠯᠭᠤᠬᠤ ᠵᠥᠪ ᠦᠵᠡᠯᠲᠡ ᠶᠢ ᠪᠠᠲᠤ ᠪᠠᠬᠢ ᠪᠤᠶ ᠪᠤᠯᠭᠠᠬᠤ ᠶᠢ ᠬᠥᠲᠥᠯᠥᠨ | ᠵᠢᠯᠤᠭᠤᠳᠴᠤ᠂ ᠠᠵᠢᠯ ᠣᠯᠭᠤᠬᠤ ᠳᠠᠳᠤᠯᠭ᠎ᠠ ᠬᠢᠭᠡᠳ ᠳᠠᠳᠤᠯᠭ᠎ᠠ ᠶᠢᠨ ᠳᠦᠷᠢᠮ ᠢ ᠪᠦᠷᠢᠨᠰᠢᠭᠦᠯᠦᠨ᠎ᠡ᠃ | ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠪᠠ ᠠᠵᠢᠯ ᠣᠯᠭᠤᠬᠤ ᠵᠠᠬ᠎ᠠ ᠳᠡᠯᠭᠡᠭᠦᠷ ᠤᠨ ᠦᠢᠯᠡᠴᠢᠯᠡᠭᠡ ᠶᠢ | ᠴᠢᠩᠭᠠᠷᠠᠭᠤᠯᠤᠨ᠂ ᠣᠷᠣᠨ ᠪᠦᠰᠡ ᠶᠢᠨ ᠴᠢᠨᠠᠷᠲᠠᠢ᠂ ᠠᠵᠢᠯ ᠲᠥᠷᠥᠯ ᠤᠨ ᠴᠢᠨᠠᠷᠲᠠᠢ ᠨᠢᠭᠡ ᠪᠦᠯᠦᠭ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠵᠤ᠂ ᠤᠯᠤᠰ ᠤᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠵᠡᠷᠭᠡ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠲᠠᠯᠪᠢᠵᠤ | ᠪᠠᠶᠢᠭ᠎ᠠ ᠬᠡᠷᠡᠭᠴᠡᠭᠡ ᠱᠠᠭᠠᠷᠳᠠᠯᠭ᠎ᠠ ᠶᠢ ᠠᠭᠤᠳᠠᠯᠤᠨ᠂ ᠠᠵᠢᠯᠲᠠᠨ ᠡᠯᠰᠡᠬᠦ ᠲᠣᠬᠢᠷᠠᠭᠤᠯᠤᠯᠲᠠ ᠪᠣᠯᠣᠨ ᠡᠮᠬᠢ ᠳᠢᠭᠯᠢᠮ ᠢ | ᠰᠢᠯᠢᠳᠡᠭᠵᠢᠭᠦᠯᠦᠨ ᠵᠢᠷᠤᠮᠵᠢᠭᠤᠯᠤᠨ᠎ᠠ᠃ ᠤᠯᠠᠨ ᠡᠰᠢᠲᠦ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠵᠠᠬ᠎ᠠ | ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠨ᠂ ᠠᠵᠢᠯ ᠣᠯᠭᠤᠯᠲᠠ ᠶᠢᠨ | ᠰᠢᠨ᠎ᠡ ᠨᠡᠮᠡᠭᠳᠡᠯ ᠤᠨ ᠴᠡᠭ ᠢ ᠨᠡᠭᠡᠭᠡᠨ᠎ᠡ᠃ ᠬᠦᠴᠢᠷᠳᠡᠯ ᠢ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ | ᠬᠠᠪᠰᠤᠷᠤᠨ ᠲᠡᠳᠬᠦᠬᠦ ᠡᠲᠡᠭᠡᠳ ᠲᠤ ᠦᠢᠯᠡᠴᠢᠯᠡᠭᠡ ᠪᠠ ᠲᠤᠰᠠᠯᠠᠮᠵᠢ ᠬᠠᠩᠭᠠᠵᠤ᠂ ᠰᠤᠷᠭᠠᠭᠤᠯᠢ ᠠᠴᠠ ᠪᠠᠨ | ᠰᠠᠯᠤᠭᠠᠳ ᠠᠵᠢᠯ ᠣᠯᠣᠭᠠᠳᠤᠢ ᠲᠡᠭᠦᠰᠦᠭᠰᠡᠳ ᠤᠨ ᠦᠨᠡᠨ ᠨᠡᠷ᠎ᠡ ᠪᠠᠷ ᠢᠶᠠᠨ ᠠᠵᠢᠯ ᠣᠯᠬᠤ ᠶᠢ ᠬᠠᠪᠰᠤᠷᠤᠨ | ᠲᠡᠳᠬᠦᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠠᠤᠭ᠎ᠠ ᠵᠣᠷᠢᠭ ᠢᠶᠠᠷ ᠠᠶᠠᠯᠠᠯ ᠢ ᠲᠤᠰᠠᠯᠠᠬᠤ︾ ᠠᠵᠢᠯ | ᠣᠯᠭᠤᠬᠤ ᠴᠢᠳᠠᠪᠤᠷᠢ ᠶᠢᠨ ᠪᠣᠯᠪᠠᠰᠤᠷᠠᠯ ᠤᠨ ᠲᠥᠷᠥᠯ ᠵᠦᠢᠯ ᠢ ᠬᠡᠷᠡᠭᠵᠢᠭᠦᠯᠵᠦ᠂ ᠪᠣᠯᠪᠠᠰᠤᠷᠠᠯ ᠤᠨ ᠬᠠᠮᠤᠷᠬᠤ | ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠬᠡᠨ᠎ᠡ᠃ ᠠᠵᠢᠯ ᠣᠯᠭᠤᠬᠤ ᠵᠠᠬ᠎ᠠ ᠳᠡᠯᠭᠡᠭᠦᠷ ᠤᠨ ᠠᠵᠢᠯ ᠤᠨ | ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠪᠠ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ ᠬᠠᠨᠳᠤᠰᠢ ᠵᠡᠷᠭᠡ ᠶᠢ | ᠴᠠᠭ ᠲᠤᠬᠠᠢ ᠳᠤᠨᠢ ᠡᠵᠡᠮᠰᠢᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠶᠠᠰᠤ ᠴᠢᠨᠠᠷ ᠪᠠ | ᠠᠵᠢᠯ ᠤᠨ ᠦᠨᠡᠯᠡᠯᠲᠡ ᠬᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠂ ᠶᠡᠭᠡ ᠳᠡᠭᠡᠳᠦ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠪᠠ ᠰᠢᠨᠵᠢᠯᠡᠭᠡᠨ ᠤ ᠪᠠᠶᠢᠭᠤᠯᠤᠯᠲᠠ ᠶᠢ ᠦᠨᠡᠯᠡᠨ | ᠵᠢᠱᠢᠬᠦ᠂ ︽ᠬᠤᠣᠰ ᠲᠡᠷᠢᠭᠦᠨ ᠵᠡᠷᠭᠡ︾ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠬᠦ ᠵᠡᠷᠭᠡ ᠴᠢᠬᠤᠯᠠ | ᠬᠦᠴᠦᠨ ᠵᠦᠢᠯ ᠪᠣᠯᠭᠠᠨ᠎ᠠ ᠭᠡᠵᠦ ᠲᠣᠳᠣᠷᠬᠠᠶᠢᠯᠠᠪᠠ᠃ | ︽ᠰᠠᠨᠠᠯ︾ ᠳᠤ᠂ ᠳᠡᠮᠵᠢᠯᠭᠡ ᠪᠠᠲᠤᠯᠠᠭ᠎ᠠ ᠶᠢᠨ ᠰᠢᠰᠲ᠋ᠧᠮ ᠢ ᠪᠠᠬᠢᠵᠢᠭᠦᠯᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ ᠬᠦᠴᠦᠷᠬᠡᠭᠵᠢᠭᠦᠯᠵᠦ᠂ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ᠂ ᠠᠵᠢᠯᠲᠠᠨ᠂ ᠭᠠᠵᠠᠷ | ᠲᠠᠯᠠᠪᠤᠷ᠂ ᠵᠠᠷᠤᠳᠠᠯ ︽ᠳᠥᠷᠪᠡ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠢ ᠲᠣᠭᠲᠠᠭᠠᠯ ᠶᠣᠰᠣᠭᠠᠷ | ᠨᠠᠶᠢᠳᠠᠪᠤᠷᠢᠵᠢᠭᠤᠯᠵᠤ᠂ ᠲᠤᠰᠬᠠᠶᠢᠵᠢᠭᠰᠠᠨ ᠠᠵᠢᠯ ᠣᠯᠭᠤᠬᠤ ᠵᠢᠯᠤᠭᠤᠳᠬᠤ ᠪᠠᠭᠰᠢ ᠶᠢᠨ ᠡᠩᠨᠡᠭᠡ ᠶᠢ ᠪᠠᠶᠢᠭᠤᠯᠬᠤ | ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠰᠤᠳᠤᠯᠭᠠᠨ ᠢ ᠭᠦᠨᠵᠡᠭᠡᠶᠢᠷᠡᠭᠦᠯᠬᠦ | ᠬᠡᠷᠡᠭᠲᠡᠢ᠃ ᠲᠣᠭᠠᠴᠢᠯᠠᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠳᠡᠯᠭᠡᠷᠡᠭᠦᠯᠵᠦ᠂ | ᠤᠯᠤᠰ ᠤᠨ ᠣᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ | ᠬᠦᠴᠦᠷᠬᠡᠭᠵᠢᠭᠦᠯᠬᠦ ᠬᠡᠷᠡᠭᠲᠡᠢ᠃ ᠡᠷᠬᠡ ᠲᠡᠭᠰᠢ ᠠᠵᠢᠯ ᠣᠯᠭᠤᠯᠲᠠ ᠶᠢᠨ ᠣᠷᠴᠢᠨ ᠨᠥᠬᠦᠴᠡᠯ ᠪᠠ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠷᠠᠭᠤᠯᠵᠤ᠂ | ᠠᠵᠢᠯ ᠤᠨ ᠬᠠᠮᠲᠤᠷᠠᠯ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ᠃ | |