ᠤᠯᠤᠰ ᠤᠨ ᠨᠥᠬᠦᠪᠦᠷᠢ ᠨᠦᠭᠦᠳ ᠢ ᠲᠠ ᠭᠤᠶᠤᠴᠢᠯᠠᠭᠰᠠᠨ ᠦᠦ︖
ᠨᠡᠶᠢᠲᠡᠯᠡᠭᠰᠡᠨ ᠴᠠᠭ᠄
2025/4/10
     ᠡᠨᠡ ᠵᠢᠯ ᠠᠴᠠ ᠨᠠᠭᠠᠰᠢ᠂ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠪᠡᠯᠡ ᠮᠥᠩᠭᠦ ᠶᠢ 3000 ᠳ᠋ᠦᠩᠰᠢᠭᠤᠷ ᠲᠥᠭᠦᠷᠢᠭ ᠪᠣᠯᠲᠠᠯ᠎ᠠ ᠶᠡᠭᠡ ᠪᠠᠷ ᠨᠡᠮᠡᠭᠳᠡᠭᠦᠯᠵᠦ᠂ ᠵᠦᠢᠯᠡᠰ ᠵᠢᠴᠢ ᠨᠥᠬᠦᠪᠦᠷᠢᠯᠡᠬᠦ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠬᠦ ᠶᠢ ᠳᠡᠮᠵᠢᠪᠡ᠃     ᠭᠡᠷ ᠤᠨ ᠴᠠᠬᠢᠯᠭᠠᠨ ᠬᠡᠷᠡᠭᠰᠡᠯ ᠳ᠋ᠢᠭᠢᠲ ᠦᠢᠯᠡᠳᠬᠦᠨ ᠪᠦᠷᠢ ᠳᠤ ᠬᠠᠮᠤᠭ ᠶᠡᠭᠡ ᠳᠤ ᠪᠠᠨ 2000 ᠲᠥᠭᠦᠷᠢᠭ ᠨᠥᠬᠦᠪᠦᠷᠢᠯᠡᠵᠦ᠂ ᠭᠠᠷ ᠤᠲᠠᠰᠤᠨ ᠤ ᠳ᠋ᠢᠭᠢᠲ ᠦᠢᠯᠡᠳᠬᠦᠨ ᠪᠦᠷᠢ ᠳᠤ ᠬᠠᠮᠤᠭ ᠶᠡᠭᠡ ᠳᠤ ᠪᠠᠨ 500 ᠲᠥᠭᠦᠷᠢᠭ ᠨᠥᠬᠦᠪᠦᠷᠢᠯᠡᠨ᠂ ᠬᠠᠭᠤᠴᠢᠨ ᠮᠠᠰᠢᠨ ᠲᠡᠷᠭᠡ ᠪᠠᠨ ᠬᠤᠳᠠᠯᠳᠤᠵᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠮᠠᠰᠢᠨ ᠲᠡᠷᠭᠡ ᠪᠦᠷᠢ ᠳᠤ ᠬᠠᠮᠤᠭ ᠶᠡᠭᠡ ᠳᠤ ᠪᠠᠨ 1.5 ᠲᠦᠮᠡᠨ ᠲᠥᠭᠦᠷᠢᠭ ᠨᠥᠬᠦᠪᠦᠷᠢᠯᠡᠨ᠎ᠡ︕    ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠪᠠᠰᠠ ᠨᠥᠬᠦᠪᠦᠷᠢ ᠲᠠᠢ︕    ᠣᠳᠣ ᠪᠠᠷ ᠢᠶᠠᠨ ᠰᠢᠨ᠎ᠡ ᠶᠢ ᠰᠣᠯᠢᠪᠠᠯ ᠮᠠᠰᠢ ᠶᠡᠭᠡ ᠬᠠᠷᠠᠭᠠᠯᠵᠠᠯ ᠬᠦᠷᠲᠡᠨ᠎ᠡ︕     ᠭᠠᠷ ᠤᠲᠠᠰᠤ ᠬᠠᠪᠲᠠᠭᠠᠢ ᠺᠣᠮᠫᠢᠦ᠋ᠲ᠋ᠧᠷ ᠵᠡᠷᠭᠡ ᠳ᠋ᠢᠭᠢᠲ ᠦᠢᠯᠡᠳᠬᠦᠨ᠂ ᠭᠡᠷ ᠤᠨ ᠴᠠᠬᠢᠯᠭᠠᠨ ᠬᠡᠷᠡᠭᠰᠡᠯ ᠢ ᠰᠢᠨ᠎ᠡ ᠪᠠᠷ ᠰᠣᠯᠢᠪᠠᠯ ᠳᠠᠷᠠᠭᠠᠴᠢ ᠶᠢᠨ ᠵᠦᠢᠯᠡᠰ ᠢ ᠠᠩᠬᠠᠷᠤᠭᠠᠷᠠᠢ     ᠭᠠᠷ ᠤᠲᠠᠰᠤ ᠵᠡᠷᠭᠡ ᠳ᠋ᠢᠭᠢᠲ ᠦᠢᠯᠡᠳᠬᠦᠨ ᠤ ᠰᠢᠨ᠎ᠡ ᠶᠢ ᠬᠤᠳᠠᠯᠳᠤᠨ ᠠᠪᠬᠤ ᠵᠢᠴᠢ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠬᠤᠷᠢᠶᠠᠩᠭᠤᠢ
    ᠵᠢᠵᠢᠭ ᠫᠷᠣᠭ᠍ᠷᠠᠮ ᠢᠶᠠᠷ ᠯᠠᠪᠯᠠᠭᠠᠷᠠᠢ     ᠭᠤᠶᠤᠴᠢᠯᠠᠨ ᠠᠪᠬᠤ ᠠᠷᠭ᠎ᠠ᠄    1. ᠬᠡᠷᠡᠭᠴᠡᠭᠡ ᠪᠠᠨ ᠦᠨᠳᠦᠰᠦᠯᠡᠵᠦ᠂ ᠭᠠᠷ ᠤᠲᠠᠰᠤ ᠵᠡᠷᠭᠡ ᠳ᠋ᠢᠭᠢᠲ ᠦᠢᠯᠡᠳᠬᠦᠨ ᠤ ᠰᠢᠨ᠎ᠡ ᠶᠢ ᠬᠤᠳᠠᠯᠳᠤᠨ ᠠᠪᠬᠤ ᠪᠤᠶᠤ ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠳᠠᠷᠤᠪᠴᠢ ᠶᠢ ᠰᠣᠩᠭᠤᠨ᠎ᠠ᠃
    2. ᠲᠠᠨ ᠤ ᠪᠠᠶᠢᠭ᠎ᠠ ᠬᠤᠲᠠ ᠪᠠᠨ ᠰᠣᠩᠭᠤᠵᠤ᠂ ᠰᠠᠨᠠᠭᠤᠯᠤᠮᠵᠢ ᠶᠢ ᠦᠨᠳᠦᠰᠦᠯᠡᠨ ᠲᠤᠰ ᠭᠠᠵᠠᠷ ᠤᠨ ᠢᠶᠠᠨ ᠲᠥᠷᠥ ᠶᠢᠨ ᠪᠣᠳᠣᠯᠭ᠎ᠠ ᠶᠢ ᠯᠠᠪᠯᠠᠵᠤ᠂ ᠬᠠᠮᠢᠶ᠎ᠠ ᠪᠦᠬᠦᠢ ᠬᠠᠷᠠᠭᠠᠯᠵᠠᠯ  ᠢ ᠰᠣᠩᠭᠤᠵᠤ ᠠᠪᠤᠨ᠎ᠠ᠃
  ᠮᠠᠰᠢᠨ ᠲᠡᠷᠭᠡ ᠶᠢ ᠰᠢᠨ᠎ᠡ ᠪᠠᠷ ᠰᠣᠯᠢᠪᠠᠯ ᠳᠠᠷᠠᠭᠠᠴᠢ ᠶᠢᠨ ᠵᠦᠢᠯᠡᠰ ᠢ ᠠᠩᠬᠠᠷᠤᠭᠠᠷᠠᠢ    ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠭᠤᠶᠤᠴᠢᠯᠠᠬᠤ
   ᠵᠢᠵᠢᠭ ᠫᠷᠣᠭ᠍ᠷᠠᠮ ᠢᠶᠠᠷ ᠯᠠᠪᠯᠠᠭᠠᠷᠠᠢ    ᠭᠤᠶᠤᠴᠢᠯᠠᠨ ᠠᠪᠬᠤ ᠠᠷᠭ᠎ᠠ᠄    1. ︽2025 ᠣᠨ ᠤ ᠬᠡᠷᠡᠭᠴᠡᠭᠡᠨ ᠠᠴᠠ ᠭᠠᠷᠭᠠᠵᠤ ᠰᠢᠨᠡᠳᠬᠡᠬᠦ ᠭᠤᠶᠤᠴᠢᠯᠠᠯ ᠤᠨ ᠣᠷᠣᠴᠠ︾ ᠪᠠᠷ ᠣᠷᠣᠨ᠎ᠠ᠃
   2. ᠨᠥᠬᠦᠪᠦᠷᠢ ᠶᠢ ᠬᠦᠯᠢᠶᠡᠨ ᠠᠪᠴᠤ ᠭᠦᠢᠴᠡᠳᠬᠡᠬᠦ ᠭᠠᠵᠠᠷ ᠢᠶᠠᠨ ᠰᠣᠩᠭᠤᠵᠤ᠂ ᠰᠠᠨᠠᠭᠤᠯᠤᠮᠵᠢ ᠶᠢ ᠦᠨᠳᠦᠰᠦᠯᠡᠨ ᠬᠤᠪᠢ ᠬᠥᠮᠥᠨ ᠤ ᠮᠡᠳᠡᠭᠡ ᠵᠠᠩᠭᠢ ᠪᠠᠨ ᠪᠢᠴᠢᠵᠦ᠂ ᠳᠠᠷᠠᠭᠠᠴᠢ ᠶᠢᠨ ᠰᠠᠨᠠᠭᠤᠯᠤᠮᠵᠢ ᠳᠤ ᠣᠷᠣᠨ᠎ᠠ᠃
   3. ᠰᠠᠨᠠᠭᠤᠯᠤᠮᠵᠢ ᠶᠢ ᠦᠨᠳᠦᠰᠦᠯᠡᠨ᠂ ᠭᠤᠶᠤᠴᠢᠯᠠᠭᠴᠢ ᠶᠢᠨ ᠮᠡᠳᠡᠭᠡ ᠵᠠᠩᠭᠢ᠂ ᠬᠡᠷᠡᠭᠴᠡᠭᠡᠨ ᠠᠴᠠ ᠭᠠᠷᠭᠠᠭᠰᠠᠨ ᠮᠠᠰᠢᠨ ᠲᠡᠷᠭᠡᠨ ᠤ ᠮᠡᠳᠡᠭᠡ ᠵᠠᠩᠭᠢ᠂ ᠬᠤᠳᠠᠯᠳᠤᠨ ᠠᠪᠬᠤ ᠰᠢᠨ᠎ᠡ ᠮᠠᠰᠢᠨ ᠲᠡᠷᠭᠡᠨ ᠤ ᠮᠡᠳᠡᠭᠡ ᠵᠠᠩᠭᠢ ᠶᠢ ᠲᠠᠭᠯᠠᠪᠠᠯ᠂ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠭᠤᠶᠤᠴᠢᠯᠠᠵᠤ ᠪᠣᠯᠣᠨ᠎ᠠ᠃
   ᠵᠢᠵᠢᠭ ᠫᠷᠣᠭ᠍ᠷᠠᠮ ᠢᠶᠠᠷ ᠲᠥᠷᠥ ᠶᠢᠨ ᠪᠣᠳᠣᠯᠭ᠎ᠠ ᠶᠢ ᠯᠠᠪᠯᠠᠵᠤ ᠨᠥᠬᠦᠪᠦᠷᠢ ᠪᠠᠨ ᠨᠢᠭᠡ ᠯᠡ ᠳᠠᠷᠤᠪᠴᠢ ᠪᠠᠷ ᠭᠤᠶᠤᠴᠢᠯᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号