ᠮᠠᠨ ᠤ ᠣᠷᠣᠨ ᠮᠤᠵᠢ ᠠᠯᠤᠰᠯᠠᠨ ᠣᠨᠳᠣᠣ ᠭᠠᠵᠠᠷ ᠲᠤ ᠰᠢᠯᠵᠢᠭᠦᠯᠦᠨ ᠡᠮᠨᠡᠭᠦᠯᠭᠦ ᠬᠡᠷᠡᠭᠵᠢᠭᠦᠯᠬᠦ ᠠᠷᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2025/4/13
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠮᠤᠵᠢ ᠠᠯᠤᠰᠯᠠᠨ ᠣᠨᠳᠣᠣ ᠭᠠᠵᠠᠷ ᠲᠤ ᠰᠢᠯᠵᠢᠭᠦᠯᠦᠨ ᠡᠮᠨᠡᠭᠦᠯᠭᠦ ᠬᠡᠷᠡᠭᠵᠢᠭᠦᠯᠬᠦ ᠠᠷᠭ᠎ᠠ ︵ᠲᠦᠷ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ᠂ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠭᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠰᠢᠯᠵᠢᠭᠦᠯᠦᠨ ᠡᠮᠨᠡᠭᠦᠯᠭᠦ ᠶᠠᠪᠤᠴᠠ ᠶᠢ ᠵᠢᠷᠤᠮᠵᠢᠭᠤᠯᠵᠤ᠂ ᠣᠯᠠᠨ ᠲᠦᠮᠡᠨ ᠳᠤ ᠨᠠᠩ ᠴᠢᠨᠠᠷ ᠰᠠᠶᠢᠲᠠᠢ ᠡᠮ ᠡᠮᠨᠡᠯᠭᠡ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠬᠠᠩᠭᠠᠬᠤ ᠪᠠᠷ ᠪᠤᠢ᠃ ᠲᠣᠰ ᠬᠡᠷᠡᠭᠵᠢᠭᠦᠯᠬᠦ ᠠᠷᠭ᠎ᠠ ᠶᠢ 5 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃     ᠣᠶᠢᠯᠠᠭᠠᠭᠰᠠᠨ ᠢᠶᠠᠷ᠂ ᠳᠤᠰ ᠬᠡᠷᠡᠭᠵᠢᠭᠦᠯᠬᠦ ᠠᠷᠭ᠎ᠠ ᠳᠤ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠦᠭᠰᠡᠨ ᠬᠥᠮᠥᠰ ᠢ ︽ᠣᠨᠳᠣᠣ ᠭᠠᠵᠠᠷ ᠲᠤ ᠰᠢᠯᠵᠢᠭᠦᠯᠦᠨ ᠡᠮᠨᠡᠭᠦᠯᠦᠭᠰᠡᠨ ᠬᠥᠮᠥᠰ︾ ᠪᠠ ︽ᠲᠦᠷ ᠴᠠᠭ ᠭᠠᠳᠠᠭᠰᠢ ᠭᠠᠷᠴᠤ ᠡᠮᠨᠡᠭᠦᠯᠦᠭᠰᠡᠨ ᠬᠥᠮᠥᠰ︾ ᠭᠡᠵᠦ ᠬᠤᠶᠠᠷ ᠲᠥᠷᠥᠯ ᠳᠤ ᠨᠠᠷᠢᠯᠢᠭ ᠬᠤᠪᠢᠶᠠᠪᠠ᠂ ᠲᠤᠬᠠᠶᠢᠯᠠᠪᠠᠯ ︽ᠣᠨᠳᠣᠣ ᠭᠠᠵᠠᠷ ᠲᠤ ᠰᠢᠯᠵᠢᠭᠦᠯᠦᠨ ᠡᠮᠨᠡᠭᠦᠯᠦᠭᠰᠡᠨ ᠬᠥᠮᠥᠰ︾ ᠢ ᠳᠠᠩᠰᠠᠯᠠᠬᠤ ᠲᠥᠷᠥᠯ ᠭᠡᠯᠪᠡᠷᠢ ᠶᠢ ᠰᠢᠨ᠎ᠡ ᠪᠠᠷ ᠨᠡᠮᠡᠵᠦ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠢ ︽ᠲᠦᠷ ᠴᠠᠭ ᠭᠠᠳᠠᠭᠰᠢ ᠭᠠᠷᠴᠤ ᠡᠮᠨᠡᠭᠦᠯᠦᠭᠰᠡᠨ ᠬᠥᠮᠥᠰ︾ ᠤᠨ ᠬᠢ ᠠᠴᠠ ᠵᠠᠭᠤᠨ ᠤ ᠬᠠᠷᠢᠴᠠᠯ ᠢᠶᠠᠷ 10 ᠬᠤᠪᠢ ᠣᠷᠴᠢᠮ ᠳᠡᠭᠡᠭᠰᠢᠯᠡᠭᠦᠯᠵᠦ᠂ ᠲᠦᠷᠭᠡᠨ ᠡᠮᠴᠢᠯᠡᠵᠦ ᠲᠦᠷᠭᠡᠨ ᠠᠪᠤᠷᠠᠬᠤ ᠬᠥᠮᠥᠰ ᠲᠠᠢ ᠨᠢᠭᠡᠳᠦᠯᠲᠡᠢ ᠪᠠᠶᠢᠯᠭᠠᠨ᠎ᠠ᠃ ᠣᠨᠳᠣᠣ ᠭᠠᠵᠠᠷ ᠲᠤ ᠡᠮᠨᠡᠭᠦᠯᠭᠦ ᠳᠤ ᠵᠠᠷᠴᠢᠮ ᠳᠡᠭᠡᠷ᠎ᠡ ᠪᠠᠨ ᠬᠥᠬᠡ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠷᠭᠢᠯᠡᠭᠴᠢ ᠡᠮᠴᠢ ᠠᠴᠠ ᠲᠤᠰᠬᠠᠢ ᠮᠡᠷᠭᠡᠵᠢᠯ ᠤᠨ ᠦᠨᠡᠯᠡᠨ ᠵᠢᠱᠢᠯᠲᠡ ᠬᠢᠬᠦ ᠶᠢᠨ ᠬᠠᠮᠲᠤ ᠰᠠᠨᠠᠯ ᠭᠠᠷᠭᠠᠵᠤ᠂ ᠪᠣᠳᠠᠲᠠᠢ ᠰᠢᠯᠵᠢᠭᠦᠯᠦᠨ ᠡᠮᠨᠡᠭᠦᠯᠭᠦ ᠡᠮᠨᠡᠯᠭᠡ ᠶᠢᠨ ᠬᠤᠷᠢᠶ᠎ᠠ ᠶᠢᠨ ᠨᠡᠷᠡᠰ ᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠨᠡᠶᠢᠲᠡᠯᠡᠨ᠎ᠡ᠃ ᠳᠠᠭᠠᠳᠬᠠᠯ ᠳᠤ ᠣᠷᠣᠯᠴᠠᠬᠰᠠᠨ ᠡᠪᠡᠳᠴᠢᠲᠡᠨ ᠢ ᠰᠢᠯᠵᠢᠭᠦᠯᠦᠨ ᠡᠮᠨᠡᠭᠦᠯᠭᠦ ᠡᠮᠨᠡᠯᠭᠡ ᠶᠢᠨ ᠬᠤᠷᠢᠶ᠎ᠠ ᠶᠢᠨ ︽ᠨᠢᠭᠡ ᠥᠷᠲᠡᠭᠡᠴᠢᠯᠡᠭᠰᠡᠨ ᠮᠠᠶ᠋ᠢᠭ︾ ᠢᠶᠠᠷ ᠰᠢᠯᠵᠢᠭᠦᠯᠦᠨ ᠡᠮᠨᠡᠭᠦᠯᠭᠦ ᠶᠢ ᠭᠦᠢᠴᠡᠳᠬᠡᠨ ᠳᠠᠩᠰᠠᠯᠠᠭᠤᠯᠬᠤ ᠪᠤᠶᠤ ︽ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ︾ ᠤᠨ APP ᠪᠠᠷ ᠳᠠᠮᠵᠢᠨ ᠳᠠᠩᠰᠠᠯᠠᠭᠤᠯᠵᠤ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号