ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠣᠳᠣᠬᠠᠨ ᠪᠤᠯᠲᠠᠯ᠎ᠠ ᠮᠠᠨ ᠤ ᠣᠷᠣᠨ ᠨᠢᠭᠡᠨᠲᠡ 1.46 ᠲᠦᠮᠡᠨ ᠡᠮ ᠡᠮᠨᠡᠯᠭᠡ ᠶᠢᠨ | ᠳᠠᠭᠠᠳᠬᠠᠯ ᠤᠨ ᠵᠣᠭᠤᠰᠤᠨ ᠪᠣᠭᠴᠣ ᠶᠢᠨ ᠲᠠᠩᠰᠠᠨ ᠡᠷᠦᠭᠡ ᠶᠢ ᠨᠡᠭᠡᠭᠡᠵᠦ᠂ ᠨᠡᠶᠢᠲᠡ 2610 ᠬᠤᠪᠢ ᠲᠠᠩᠰᠠ | ᠰᠢᠯᠵᠢᠭᠦᠯᠵᠦ᠂ ᠰᠢᠯᠵᠢᠭᠦᠯᠦᠭᠰᠡᠨ ᠵᠣᠭᠤᠰ ᠤᠨ ᠲᠤᠭ᠎ᠠ ᠨᠢ 161 ᠲᠦᠮᠡᠨ ᠲᠥᠭᠦᠷᠢᠭ ᠲᠤ ᠭᠦᠷᠪᠡ᠃ ᠡᠭᠦᠨ ᠳᠤ | ᠣᠷᠣᠨ ᠤ ᠳᠣᠲᠣᠷ᠎ᠠ ᠰᠢᠯᠵᠢᠭᠦᠯᠦᠨ ᠭᠠᠷᠭᠠᠭᠰᠠᠨ ᠨᠢ 2245 ᠬᠤᠪᠢ ᠪᠠᠶᠢᠵᠤ᠂ ᠲᠠᠩᠰᠠ ᠰᠢᠯᠵᠢᠭᠦᠯᠦᠭᠰᠡᠨ | ᠵᠣᠭᠤᠰ ᠤᠨ ᠲᠤᠭ᠎ᠠ ᠨᠢ 138.4 ᠲᠦᠮᠡᠨ ᠲᠥᠭᠦᠷᠢᠭ ᠪᠤᠯᠤᠨ᠎ᠠ;ᠮᠤᠵᠢ ᠠᠯᠤᠰᠯᠠᠨ 259 ᠬᠤᠪᠢ | ᠰᠢᠯᠵᠢᠭᠦᠯᠦᠨ ᠭᠠᠷᠭᠠᠵᠤ᠂ ᠲᠠᠩᠰᠠ ᠰᠢᠯᠵᠢᠭᠦᠯᠦᠭᠰᠡᠨ ᠵᠣᠭᠤᠰ ᠤᠨ ᠲᠤᠭ᠎ᠠ 17.4 ᠲᠦᠮᠡᠨ ᠲᠥᠭᠦᠷᠢᠭ ᠲᠤ | ᠬᠦᠷᠴᠡᠢ᠃ ᠮᠤᠵᠢ ᠶᠢᠨ ᠭᠠᠳᠠᠨ᠎ᠠ ᠠᠴᠠ106 ᠬᠤᠪᠢ ᠰᠢᠯᠵᠢᠭᠦᠯᠦᠨ ᠣᠷᠣᠭᠤᠯᠵᠤ᠂ ᠲᠠᠩᠰᠠ ᠰᠢᠯᠵᠢᠭᠦᠯᠦᠭᠰᠡᠨ | ᠵᠣᠭᠤᠰ ᠤᠨ ᠲᠤᠭ᠎ᠠ ᠨᠢ 5.2 ᠲᠦᠮᠡᠨ ᠲᠥᠭᠦᠷᠢᠭ ᠪᠣᠯᠣᠨ᠎ᠠ᠃ ᠡᠨᠡ ᠨᠢ ᠮᠠᠨ ᠤ ᠣᠷᠣᠨ ᠤ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡ ︽ᠭᠡᠷ ᠪᠦᠯᠢ ᠪᠠᠷ ᠢᠶᠠᠨ ᠬᠠᠷᠢᠯᠴᠠᠨ ᠬᠠᠪᠰᠤᠷᠤᠯᠴᠠᠵᠤ᠂ ᠮᠤᠵᠢ ᠠᠯᠤᠰᠯᠠᠨ ᠬᠠᠮᠲᠤ ᠪᠠᠷ | ᠡᠳ᠋ᠯᠡᠬᠦ︾ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠡᠭᠦᠳᠡᠨ ᠡᠮᠨᠡᠯᠭᠡ ᠳᠤ ᠬᠠᠷᠢᠯᠴᠠᠨ ᠲᠤᠰᠠᠯᠠᠬᠤ ᠪᠠᠲᠤᠯᠠᠭ᠎ᠠ ᠶᠢᠨ ᠳᠦᠷᠢᠮ ᠢ ᠤᠯᠠᠮ | ᠨᠢᠭᠡ ᠠᠯᠬᠤᠮ ᠨᠠᠶᠢᠳᠠᠪᠤᠷᠢᠵᠢᠭᠤᠯᠵᠤ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ | ᠬᠥᠮᠥᠨ ᠤ ᠲᠠᠩᠰᠠᠨ ᠡᠷᠦᠭᠡ ᠶᠢᠨ ᠪᠡᠯᠡ ᠮᠥᠩᠭᠦ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠨ᠂ ᠪᠦᠭᠦ ᠤᠯᠤᠰ ᠤᠨ ᠡᠮ | ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠶᠢ ᠮᠤᠵᠢ ᠠᠯᠤᠰᠯᠠᠨ ᠬᠠᠷᠢᠯᠴᠠᠨ ᠲᠡᠳᠬᠦᠬᠦ ᠶᠢ | ᠠᠬᠢᠭᠤᠯᠬᠤ ᠶᠢᠨ ᠲᠥᠯᠥᠭᠡ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2024 ᠣᠨ ᠤ 7 | ᠰᠠᠷ᠎ᠠ ᠳᠤ ︽ᠡᠮ ᠡᠮᠨᠡᠯᠭᠡ ᠶᠢᠨ ᠳᠠᠭᠠᠳᠬᠠᠯ ᠤᠨ ᠵᠣᠭᠤᠰᠤᠨ ᠪᠣᠭᠴᠣ ᠶᠢᠨ ᠲᠤᠷᠰᠢᠯᠲᠠ ᠶᠢᠨ ᠠᠵᠢᠯ ᠢ ᠥᠷᠨᠢᠭᠦᠯᠬᠦ | ᠲᠤᠬᠠᠢ ᠮᠡᠳᠡᠭᠳᠡᠯ︾ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | ᠤᠷᠢᠳ ᠢᠶᠠᠷ ᠬᠡᠷᠡᠭᠵᠢᠭᠦᠯᠬᠦ᠂ ᠠᠯᠬᠤᠮ ᠬᠤᠪᠢᠶᠠᠨ ᠠᠬᠢᠭᠤᠯᠬᠤ ᠠᠷᠭ᠎ᠠ ᠮᠠᠶ᠋ᠢᠭ ᠢᠶᠠᠷ ᠡᠮ ᠡᠮᠨᠡᠯᠭᠡ ᠶᠢᠨ | ᠳᠠᠭᠠᠳᠬᠠᠯ ᠤᠨ ᠵᠣᠭᠤᠰᠤᠨ ᠪᠣᠭᠴᠣ ᠶᠢᠨ ᠪᠠᠶᠢᠭᠤᠯᠤᠯᠲᠠ ᠶᠢ ᠥᠷᠨᠢᠭᠦᠯᠵᠦ᠂ ᠣᠷᠳᠣᠰ ᠬᠤᠲᠠ ᠵᠢᠴᠢ ᠪᠠᠶᠠᠨᠨᠠᠭᠤᠷ | ᠬᠤᠲᠠ ᠶᠢ ᠭᠠᠷᠭᠠᠪᠠᠯ᠂ ᠪᠤᠰᠤᠳ 13 ᠨᠢᠭᠡᠳᠦᠯᠲᠡᠢ ᠲᠥᠯᠥᠪᠯᠡᠬᠦ ᠣᠷᠣᠨ ᠳᠤ ᠴᠥᠮ ᠡᠮ ᠡᠮᠨᠡᠯᠭᠡ ᠶᠢᠨ | ᠳᠠᠭᠠᠳᠬᠠᠯ ᠤᠨ ᠵᠣᠭᠤᠰᠤᠨ ᠪᠣᠭᠴᠣ ᠶᠢ ᠨᠠᠪᠲᠠᠷᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠵᠣᠭᠤᠰᠤᠨ ᠪᠣᠭᠴᠣ | ᠪᠠᠷ ᠮᠤᠵᠢ ᠠᠯᠤᠰᠯᠠᠨ ᠣᠶᠢᠷ᠎ᠠ ᠲᠥᠷᠥᠯ ᠰᠠᠳᠤᠨ ᠳᠠᠭᠠᠨ ᠬᠠᠮᠲᠤ ᠪᠠᠷ ᠲᠤᠰᠠᠯᠠᠬᠤ ᠲᠠᠩᠰᠠ ᠰᠢᠯᠵᠢᠭᠦᠯᠵᠦ ᠪᠣᠯᠣᠨ᠎ᠠ᠃ | ᠣᠳᠣᠬᠠᠨ ᠳᠤ᠂ ᠪᠦᠭᠦ ᠤᠯᠤᠰ ᠲᠤ ᠨᠡᠶᠢᠲᠡ 15 ᠮᠤᠵᠢ ᠬᠤᠲᠠ ᠥᠪᠡᠷᠲᠡᠭᠡᠨ ᠵᠠᠰᠠᠬᠤ ᠣᠷᠣᠨ ᠡᠮ ᠡᠮᠨᠡᠯᠭᠡ ᠶᠢᠨ | ᠳᠠᠭᠠᠳᠬᠠᠯ ᠤᠨ ᠵᠣᠭᠤᠰᠤᠨ ᠪᠣᠭᠴᠣ ᠶᠢ ᠨᠡᠭᠡᠭᠡᠵᠦ ᠪᠤᠢ᠃ ᠮᠠᠨ ᠤ ᠣᠷᠣᠨ ᠨᠢᠭᠡᠳᠦᠯᠲᠡᠢ ᠲᠥᠯᠥᠪᠯᠡᠬᠦ ᠣᠷᠣᠨ ᠤ | ᠲᠤᠭ᠎ᠠ᠂ ᠡᠮ ᠡᠮᠨᠡᠯᠭᠡ ᠶᠢᠨ ᠳᠠᠭᠠᠳᠬᠠᠯ ᠤᠨ ᠵᠣᠭᠤᠰᠤᠨ ᠪᠣᠭᠴᠣ ᠶᠢᠨ ᠲᠠᠩᠰᠠᠨ ᠡᠷᠦᠭᠡ ᠶᠢ ᠨᠡᠭᠡᠭᠡᠭᠰᠡᠨ ᠬᠥᠮᠥᠨ ᠤ | ᠲᠤᠭ᠎ᠠ᠂ ᠣᠷᠣᠨ ᠤ ᠳᠣᠲᠣᠨ᠎ᠠ ᠭᠠᠳᠠᠨᠠᠬᠢ ᠲᠠᠩᠰᠠ ᠰᠢᠯᠵᠢᠭᠦᠯᠦᠭᠰᠡᠨ ᠲᠤᠭ᠎ᠠ ᠴᠥᠮ ᠡᠮᠦᠨ᠎ᠡ ᠡᠩᠨᠡᠭᠡᠨ ᠳᠤ ᠣᠷᠣᠪᠠ᠃ | |