ᠵᠢᠷᠦᠬᠡ ᠴᠢᠰᠤᠨ ᠰᠤᠳᠠᠯ ᠮᠠᠭᠤᠲᠠᠢ ᠬᠥᠮᠥᠰ ︽ᠺᠠᠯᠢ ᠶᠡᠬᠡᠲᠡᠢ ᠬᠤᠭᠤᠯᠠ︾ ᠢᠳᠡᠭᠡᠷᠡᠢ
ᠨᠡᠶᠢᠲᠡᠯᠡᠭᠰᠡᠨ ᠴᠠᠭ᠄
2025/4/19
     ᠵᠢᠷᠦᠬᠡ ᠴᠢᠰᠤᠨ ᠰᠤᠳᠠᠯ ᠢ ᠬᠠᠮᠠᠭᠠᠯᠠᠬᠤ ᠡᠨᠡ ᠶᠠᠪᠤᠳᠠᠯ ᠳᠡᠭᠡᠷ᠎ᠡ ᠢᠳᠡᠭᠡᠨ ᠤᠮᠳᠠᠭᠠᠨ ᠪᠣᠯ ᠴᠢᠬᠤᠯᠠ ᠨᠢᠭᠡ ᠭᠤᠭᠴᠤᠭ᠎ᠠ ᠪᠣᠯᠣᠨ᠎ᠠ᠂ ᠡᠭᠦᠨ ᠳᠤ ︽ᠳᠠᠪᠤᠰᠤ ᠪᠠᠭ᠎ᠠ ᠢᠳᠡᠵᠦ︾᠂ ᠪᠠᠭ᠎ᠠ ᠰᠠᠭ᠎ᠠ ︽ᠺᠠᠯᠢ︾ ᠨᠥᠬᠦᠬᠦ ᠴᠢᠬᠤᠯᠠᠲᠠᠢ᠃ ᠺᠠᠯᠢ ᠨᠢ ᠥᠭᠡᠬᠦ ᠬᠠᠳᠠᠭᠠᠯᠠᠭᠳᠠᠨ ᠦᠯᠡᠳᠡᠬᠦ ᠶᠢ ᠪᠠᠭᠠᠰᠬᠠᠨ᠎ᠠ᠃ ᠺᠠᠯᠢ ᠶᠢᠨ ᠡᠯᠧᠮᠧᠨᠲ ᠨᠢ ᠥᠭᠡᠬᠦ ᠴᠢᠰᠤᠨ ᠰᠤᠳᠠᠯ ᠤᠨ ᠳᠣᠲᠣᠷ ᠬᠠᠨ᠎ᠠ ᠳᠤ ᠨᠠᠭᠠᠯᠳᠤᠬᠤ᠂ ᠴᠢᠰᠤᠨ ᠰᠤᠳᠠᠯ ᠢ ᠭᠡᠮᠲᠦᠭᠡᠵᠦ ᠬᠠᠲᠠᠭᠤᠷᠠᠭᠤᠯᠬᠤ ᠶᠢ ᠰᠡᠷᠭᠡᠶᠢᠯᠡᠬᠦ ᠳᠤ ᠲᠤᠰᠠᠯᠠᠨ᠎ᠠ᠃ ᠺᠠᠯᠢ ᠨᠢ ᠵᠢᠷᠦᠬᠡᠨ ᠯᠤᠭᠰᠢᠯᠲᠠ ᠶᠢ ᠲᠣᠬᠢᠷᠠᠭᠤᠯᠤᠨ᠎ᠠ᠃ ᠵᠢᠷᠦᠬᠡᠨ ᠤ ᠬᠡᠪ ᠤᠨ ᠯᠤᠭᠰᠢᠯᠲᠠ ᠪᠠ ᠪᠤᠯᠴᠢᠩ ᠨᠢ ᠬᠡᠪ ᠤᠨ ᠠᠪᠴᠢᠯᠲᠠ ᠳᠤ ᠪᠦᠷ ᠺᠠᠯᠢ᠂ ᠨᠠᠲᠷᠢ ᠵᠡᠷᠭᠡ ᠢᠶᠤᠨ ᠤ ᠬᠠᠮᠵᠢᠯᠴᠠᠬᠤ ᠦᠢᠯᠡᠳᠦᠯ ᠳᠤ ᠲᠦᠰᠢᠭᠯᠡᠵᠦ ᠪᠠᠶᠢᠳᠠᠭ᠃ ᠡᠭᠦᠨ ᠠᠴᠠ ᠭᠠᠳᠠᠨ᠎ᠠ᠂ ᠺᠠᠯᠢ ᠨᠢ ᠪᠠᠰᠠ ᠪᠡᠶ᠎ᠡ ᠶᠢᠨ ᠳᠣᠲᠣᠷᠠᠬᠢ ᠠᠷᠤᠭ ᠶᠠᠰᠤ ᠪᠣᠯᠣᠨ ᠪᠤᠯᠴᠢᠩ ᠤᠨ ᠬᠥᠳᠡᠯᠭᠡᠭᠡᠨ ᠬᠢᠬᠦ᠂ ᠵᠢᠷᠦᠬᠡᠨ ᠤ ᠪᠤᠯᠴᠢᠩ ᠤᠨ ᠬᠡᠪ ᠤᠨ ᠪᠤᠰᠤ ᠪᠠᠶᠢᠳᠠᠯ ᠢ ᠰᠡᠷᠭᠡᠶᠢᠯᠡᠬᠦ ᠡᠭᠦᠷᠭᠡ ᠡᠭᠦᠷᠭᠡᠯᠡᠵᠦ ᠪᠠᠶᠢᠳᠠᠭ᠃     ᠳᠣᠣᠷᠠᠬᠢ ᠬᠡᠳᠦᠨ ᠲᠦᠷᠦᠯ ᠤᠨ ᠬᠥᠮᠥᠨ ᠺᠠᠯᠢ ᠨᠥᠬᠦᠪᠦᠷᠢᠯᠡᠬᠦ ᠶᠢ ᠤᠨᠴᠠᠭᠠᠢ ᠠᠩᠬᠠᠷᠬᠤ ᠬᠡᠷᠡᠭᠲᠡᠢ᠃     1. ᠴᠢᠰᠤᠨ ᠳᠠᠷᠤᠯᠲᠠ ᠪᠠᠷᠢᠮᠵᠢᠶ᠎ᠠ ᠬᠡᠲᠦᠷᠡᠭᠰᠡᠨ ᠬᠥᠮᠥᠨ     2. ᠢᠳᠡᠪᠡᠯ ᠠᠮᠠᠷᠬᠠᠨ ᠲᠠᠷᠭᠤᠯᠠᠳᠠᠭ ᠬᠥᠮᠥᠨ     3. ᠠᠮᠠᠷᠬᠠᠨ ᠰᠠᠭᠤᠯᠭᠠᠳᠠᠭ ᠬᠥᠮᠥᠨ     4. ᠬᠥᠯᠥᠰᠦ ᠠᠷᠪᠢᠨ ᠭᠠᠷᠳᠠᠭ ᠬᠥᠮᠥᠨ     5. ᠤᠳᠠᠭᠠᠨ ᠴᠢᠨᠠᠷᠲᠠᠢ ᠬᠡᠰᠡᠭ ᠡᠪᠡᠳᠴᠢᠲᠡᠨ     ᠰᠢᠮ᠎ᠡ ᠲᠡᠵᠢᠭᠡᠯ ᠤᠨ ᠲᠤᠰᠬᠠᠢ ᠮᠡᠷᠭᠡᠵᠢᠯᠲᠡᠨ ᠠᠴᠠ ᠢᠳᠡᠭᠡᠨ ᠤᠮᠳᠠᠭᠠᠨ ᠢᠶᠠᠷ ᠺᠠᠯᠢ ᠨᠥᠬᠦᠬᠦ ᠠᠷᠭ᠎ᠠ ᠶᠢ ᠲᠠᠨᠢᠯᠴᠠᠭᠤᠯᠪᠠ᠄     · ᠡᠳᠦᠷ ᠪᠦᠷᠢ ᠨᠢᠭᠡ ᠵᠢᠩ ᠢᠳᠡᠰᠢᠨ ᠨᠣᠭᠤᠭ᠎ᠠ᠂ ᠬᠠᠭᠠᠰ ᠵᠢᠩ ᠵᠢᠮᠢᠰ ᠢᠳᠡᠵᠦ᠂ ᠠᠯᠢ ᠴᠢᠳᠠᠬᠤ ᠪᠠᠷ ᠨᠢᠭᠡ ᠬᠤᠶᠠᠷ ᠵᠦᠢᠯ ᠤᠨ ᠺᠠᠯᠢ ᠶᠡᠬᠡᠲᠡᠢ ᠢᠳᠡᠰᠢᠨ ᠨᠣᠭᠤᠭ᠎ᠠ ᠢᠳᠡᠵᠦ᠂ ᠺᠠᠯᠢ ᠶᠢᠨ ᠰᠢᠮ᠎ᠡ ᠲᠡᠵᠢᠭᠡᠯ ᠤᠨ ᠡᠳ᠋ ᠤᠨ ᠨᠢᠭᠲᠠᠴᠠ ᠪᠠᠷ ᠨᠡᠯᠢᠶᠡᠳ ᠥᠨᠳᠥᠷ ᠵᠢᠮᠢᠰ ᠦᠷᠭᠦᠯᠵᠢ ᠢᠳᠡᠬᠦ ᠬᠡᠷᠡᠭᠲᠡᠢ᠃     · ᠡᠳᠦᠷ ᠪᠦᠷᠢ ᠠᠳᠠᠭ ᠲᠠᠭᠠᠨ 300 ᠬᠷᠠᠮ ᠴᠡᠪᠡᠷ ᠰᠦ ᠪᠤᠶᠤ ᠡᠭᠡᠳᠡᠭᠰᠡᠨ ᠰᠦ ᠤᠤᠭᠤᠬᠤ ᠬᠡᠷᠡᠭᠲᠡᠢ︔     · ᠭᠤᠣᠯ ᠢᠳᠡᠭᠡᠨ ᠳᠡᠭᠡᠨ 1/3~1/2 ᠬᠤᠪᠢ ᠶᠢᠨ ᠪᠤᠷᠴᠠᠭ ᠤᠨ ᠵᠦᠢᠯ ᠪᠠ ᠪᠦᠭᠦ ᠠᠮᠤ ᠶᠢᠨ ᠵᠦᠢᠯᠡᠰ ᠢ ᠢᠳᠡᠵᠦ᠂ ᠡᠳᠦᠷ ᠪᠦᠷᠢ 50 ~ 150 ᠬᠷᠠᠮ ᠢᠳᠡᠬᠦ ᠬᠡᠷᠡᠭᠲᠡᠢ︔     · ᠡᠳᠦᠷ ᠪᠦᠷᠢ 50 ~100 ᠬᠷᠡᠮ ᠲᠥᠮᠥᠰᠥᠨ ᠤ ᠲᠦᠷᠦᠯ ᠢᠳᠡᠬᠦ ᠬᠡᠷᠡᠭᠲᠡᠢ︔     · ᠵᠦᠢᠯ ᠪᠦᠷᠢ ᠶᠢᠨ ᠮᠢᠬ᠎ᠠ ᠶᠢ ᠡᠭᠡᠯᠵᠢᠯᠡᠨ ᠢᠳᠡᠵᠦ᠂ ᠡᠳᠦᠷ ᠪᠦᠷᠢ 70 ~150 ᠬᠷᠠᠮ ᠢᠳᠡᠵᠦ᠂ ᠡᠳᠦᠷ ᠪᠦᠷᠢ ᠨᠢᠭᠡ ᠲᠠᠬᠢᠶᠠᠨ ᠥᠨᠳᠡᠭᠡ ᠢᠳᠡᠬᠦ ᠬᠡᠷᠡᠭᠲᠡᠢ᠃     · ᠴᠢᠰᠤᠨ ᠳᠠᠷᠤᠯᠲᠠ ᠥᠨᠳᠥᠷ ᠡᠪᠡᠳᠴᠢᠲᠡᠨ ᠢᠳᠡᠰᠢᠨ ᠨᠣᠭᠤᠭ᠎ᠠ᠂ ᠵᠢᠮᠢᠰ ᠵᠢᠴᠢ ᠬᠤᠯᠢᠮᠠᠭ ᠠᠮᠤ ᠵᠣᠬᠢᠬᠤ ᠬᠡᠮᠵᠢᠶ᠎ᠡ ᠪᠠᠷ ᠢᠳᠡᠵᠦ᠂ ᠡᠩ ᠤᠨ ᠳᠠᠪᠤᠰᠤ ᠢᠳᠡᠵᠦ ᠪᠠᠶᠢᠭᠰᠠᠨ ᠢᠶᠠᠨ ᠨᠠᠲᠷᠢ ᠪᠠᠭ᠎ᠠ ᠺᠠᠯᠢ ᠶᠡᠭᠡ ᠳᠠᠪᠤᠰᠤ ᠢᠳᠡᠬᠦ ᠪᠣᠯᠭᠠᠨ ᠬᠤᠪᠢᠷᠠᠭᠤᠯᠵᠤ ᠪᠣᠯᠣᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号