ᠮᠠᠨ ᠤ ᠤᠯᠤᠰ ᠤᠨ ᠰᠢᠶᠠᠩ ᠪᠠᠯᠭᠠᠰᠤ ︵ᠵᠡᠭᠡᠯᠢ ᠭᠤᠳᠤᠮᠵᠢ︶ ᠨᠢᠭᠡᠪᠦᠷᠢ ᠨᠠᠭᠠᠲᠤ ᠵᠠᠬ᠎ᠠ ᠳᠠᠭᠠᠨ 1 ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠬᠦ ᠨᠢᠭᠡᠴᠢ ᠲᠠᠢ ᠪᠣᠯᠪᠠ
ᠨᠡᠶᠢᠲᠡᠯᠡᠭᠰᠡᠨ ᠴᠠᠭ᠄
2025/4/19
     ᠰᠤᠷᠪᠤᠯᠵᠢᠯᠠᠬᠴᠢ 19 ᠤ ᠡᠳᠦᠷ ᠦᠬᠠᠨ ᠳᠤ ᠬᠤᠷᠠᠯᠳᠤᠭᠤᠯᠤᠭᠰᠠᠨ 2025 ᠣᠨ ᠤ ᠸᠠᠺᠼᠢᠨ ᠪᠣᠯᠣᠨ ᠡᠷᠡᠭᠦᠯ ᠮᠡᠨᠳᠦ ᠶᠢᠨ ᠶᠡᠭᠡ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠤᠯᠤᠰ ᠤᠨ ᠣᠳᠣᠬᠠᠨ ᠳᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠨᠢᠭᠡᠪᠦᠷᠢ ᠨᠠᠭᠠᠲᠤ ᠵᠠᠬ᠎ᠠ ᠳᠠᠭᠠᠨ ᠨᠢᠭᠡ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠬᠦ ᠨᠢᠭᠡᠴᠢ ᠲᠠᠢ ᠪᠠᠶᠢᠵᠤ᠂ ᠲᠠᠷᠢᠯᠭ᠎ᠠ ᠬᠢᠬᠦ ᠦᠢᠯᠡᠴᠢᠯᠡᠭᠡ ᠶᠢ ︽ᠭᠡᠷ ᠤᠨ ᠡᠭᠦᠳᠡᠨ︾ ᠳᠤ ᠬᠦᠷᠭᠡᠵᠦ ᠪᠠᠶᠢᠨ᠎ᠠ ;1000 ᠲᠦᠮᠡ ᠭᠠᠷᠤᠢ ᠬᠥᠮᠥᠨ ᠨᠢᠭᠡᠨᠲᠡ ᠡᠯᠧᠺᠲᠷᠣᠨ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠦᠨᠡᠮᠯᠡᠯ ᠭᠤᠶᠤᠴᠢᠯᠠᠨ ᠠᠪᠴᠤ ᠬᠡᠷᠡᠭᠯᠡᠨ᠂ ᠬᠤᠪᠢ ᠬᠥᠮᠥᠨ ᠤ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠬᠠᠮᠤᠷᠤᠭᠰᠠᠨ ᠪᠠᠶᠢᠨ᠎ᠠ᠃     ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠭᠢᠯᠡᠭᠴᠢ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠳᠠᠷᠤᠭ᠎ᠠ ᠱᠧᠨ ᠬᠤᠩ ᠪᠢᠩ᠂ ᠣᠳᠣᠬᠠᠨ ᠳᠤ᠂ ᠮᠠᠨ ᠤ ᠤᠯᠤᠰ ᠨᠢᠭᠡᠨᠲᠡ ᠤᠯᠤᠰ᠂ ᠮᠤᠵᠢ᠂ ᠬᠤᠲᠠ᠂ ᠰᠢᠶᠠᠨ ᠳᠥᠷᠪᠡᠨ ᠱᠠᠲᠤᠨ ᠤ ᠡᠭᠡᠯᠢᠯᠡᠭᠡ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ ᠰᠢᠰᠲ᠋ᠧᠮ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠵᠤ᠂ ᠣᠯᠠᠨ ᠲᠦᠮᠡᠨ ᠤ ᠴᠠᠭ ᠲᠤᠬᠠᠢ ᠳᠤᠨᠢ ᠸᠠᠺᠼᠢᠨ ᠳᠠᠷᠢᠬᠤ ᠪᠠ ᠲᠥᠭᠦᠮ ᠦᠵᠡᠭᠦᠯᠭᠦ ᠶᠢ ᠦᠨᠡᠨ ᠬᠦ ᠪᠠᠲᠤᠯᠠᠵᠤ ᠪᠠᠶᠢᠨ᠎ᠠ᠃ 2024 ᠣᠨ ᠤ ᠡᠴᠦᠰ ᠪᠤᠯᠲᠠᠯ᠎ᠠ᠂ ᠪᠦᠭᠦ ᠤᠯᠤᠰ ᠲᠤ ᠨᠡᠶᠢᠲᠡ 45.6 ᠲᠦᠮᠡᠨ ᠲᠤᠰᠬᠠᠢ ᠮᠡᠷᠭᠡᠵᠢᠯ ᠤᠨ ᠠᠵᠢᠯᠲᠠᠨ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠠᠵᠢᠯ ᠬᠢᠵᠦ᠂ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠡᠩᠨᠡᠭᠡ ᠶᠡᠷᠦᠩᠬᠡᠢ ᠳᠡᠭᠡᠨ ᠴᠢᠩᠭᠠᠷᠠᠵᠠᠢ ᠭᠡᠵᠦ ᠢᠯᠡᠳᠬᠡᠪᠡ᠃     ᠶᠡᠭᠡ ᠬᠤᠷᠠᠯ ᠠᠴᠠ ᠨᠡᠶᠢᠲᠡᠯᠡᠭᠰᠡᠨ ᠳ᠋ᠠᠶᠢᠲ᠋ᠠ ᠳᠤ ᠬᠠᠷᠠᠭᠤᠯᠤᠭᠰᠠᠨ ᠢᠶᠠᠷ᠂ ᠮᠠᠨ ᠤ ᠤᠯᠤᠰ ᠤᠨ ᠡᠭᠡᠯᠢᠯᠡᠭᠡ ᠶᠢᠨ ᠲᠥᠯᠦᠪᠵᠢᠭᠦᠯᠭᠡ ᠶᠢᠨ ᠸᠠᠺᠼᠢᠨ ᠤ ᠲᠠᠷᠢᠯᠭ᠎ᠠ ᠶᠢᠨ ᠨᠣᠷᠮ᠎ᠠ ᠦᠷᠭᠦᠯᠵᠢᠯᠡᠨ 90% ᠠᠴᠠ ᠳᠡᠭᠡᠭᠰᠢ ᠪᠠᠶᠢᠬᠤ ᠶᠢ ᠪᠠᠲᠤᠯᠠᠵᠤ᠂ ᠤᠯᠠᠭᠠᠨ ᠨᠣᠳ᠂ ᠡᠯᠢᠭᠡᠨ ᠤ A ᠦᠷᠪᠢᠰᠦᠯ᠂ ᠲᠠᠷᠢᠬᠢᠨ ᠤ B ᠦᠷᠪᠢᠰᠦᠯ᠂ ᠲᠠᠬᠤᠯᠲᠤ ᠲᠠᠷᠢᠬᠢ ᠪᠦᠷᠬᠦᠪᠴᠢ ᠶᠢᠨ ᠦᠷᠪᠢᠰᠦᠯ ᠵᠡᠷᠭᠡ ᠣᠯᠠᠩᠬᠢ ᠡᠭᠡᠯᠢᠯᠡᠭᠡ ᠶᠢᠨ ᠲᠥᠯᠦᠪᠵᠢᠭᠦᠯᠭᠡ ᠶᠢᠨ ᠸᠠᠺᠼᠢᠨ ᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠳᠡᠶᠢᠯᠭᠦ ᠨᠣᠷᠮ᠎ᠠ ᠨᠢᠭᠡᠨᠲᠡ ᠲᠡᠦᠬᠡ ᠶᠢᠨ ᠨᠡᠯᠢᠶᠡᠳ ᠳᠣᠣᠷ᠎ᠠ ᠲᠦᠪᠰᠢᠨ ᠳᠤ ᠬᠦᠷᠴᠡᠢ᠃ ᠣᠶᠢᠷ᠎ᠠ ᠶᠢᠨ ᠵᠢᠯ ᠳᠤ ᠲᠥᠪ ᠤᠨ ᠡᠳ᠋ ᠤᠨ ᠵᠠᠰᠠᠭ ᠠᠴᠠ ᠵᠢᠯ ᠪᠦᠷᠢ 30 ᠭᠠᠷᠤᠢ ᠳ᠋ᠦᠩᠰᠢᠭᠤᠷ ᠲᠥᠭᠦᠷᠢᠭ ᠣᠷᠣᠭᠤᠯᠵᠤ᠂ ᠡᠭᠡᠯᠢᠯᠡᠭᠡ ᠶᠢᠨ ᠲᠥᠯᠦᠪᠵᠢᠭᠦᠯᠭᠡ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠥᠷᠭᠡᠳᠬᠡᠬᠦ ᠶᠢ ᠳᠡᠮᠵᠢᠵᠦ᠂ ᠸᠠᠺᠼᠢᠨ ᠤ ᠬᠠᠩᠭᠠᠯᠭ᠎ᠠ ᠪᠠ ᠲᠠᠷᠢᠯᠭ᠎ᠠ ᠶᠢᠨ ᠠᠮᠤᠷ ᠲᠦᠪᠰᠢᠨ ᠢ ᠪᠠᠲᠤᠯᠠᠪᠠ᠃     ︽ᠤᠯᠤᠰ ᠤᠨ ᠡᠭᠡᠯᠢᠯᠡᠭᠡ ᠶᠢᠨ ᠲᠥᠯᠦᠪᠵᠢᠭᠦᠯᠭᠡ ᠶᠢᠨ ᠠᠷᠭ᠎ᠠ ᠪᠣᠳᠣᠯᠭ᠎ᠠ ᠶᠢ ᠬᠥᠳᠡᠯᠦᠩᠭᠦᠢ ᠪᠠᠷ ᠲᠣᠬᠢᠷᠠᠭᠤᠯᠤᠨ ᠰᠢᠯᠢᠳᠡᠭᠵᠢᠭᠦᠯᠬᠦ ᠪᠣᠯ ᠣᠳᠣᠬᠠᠨ ᠤ ᠪᠠ ᠬᠤᠶᠢᠰᠢᠳᠠ ᠶᠢᠨ ᠭᠤᠣᠯᠳᠠᠯᠭ᠎ᠠ ᠲᠠᠢ ᠠᠬᠢᠭᠤᠯᠬᠤ ᠠᠵᠢᠯ ᠤᠨ ᠨᠢᠭᠡ ᠪᠣᠯᠣᠨ᠎ᠠ︾᠃ ᠱᠧᠨ ᠬᠤᠩ ᠪᠢᠩ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠠᠭ ᠤᠯᠤᠰ ᠤᠨ ᠡᠭᠡᠯᠢᠯᠡᠭᠡ ᠶᠢᠨ ᠲᠥᠯᠦᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠬᠥᠳᠡᠯᠦᠩᠭᠦᠢ ᠪᠠᠷ ᠲᠣᠬᠢᠷᠠᠭᠤᠯᠬᠤ᠂ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠢᠳᠡᠪᠬᠢᠲᠡᠢ ᠰᠤᠳᠤᠯᠵᠤ᠂ ᠣᠯᠠᠨ ᠲᠦᠮᠡᠨ ᠳᠤ ᠨᠠᠩ ᠴᠢᠨᠠᠷ ᠰᠠᠶᠢᠲᠠᠢ ᠲᠠᠷᠢᠯᠭ᠎ᠠ ᠶᠢᠨ ᠦᠢᠯᠡᠴᠢᠯᠡᠭᠡ ᠬᠦᠷᠲᠡᠭᠡᠵᠦ ᠪᠠᠶᠢᠨ᠎ᠠ ᠭᠡᠵᠦ ᠬᠡᠯᠡᠪᠡ᠃     ︵ᠰᠢᠨᠬᠤᠸᠠ ᠬᠤᠷᠢᠶ᠎ᠠ ᠶᠢᠨ ᠦᠬᠠᠨ ᠤ 4 ᠰᠠᠷ᠎ᠠ ᠶᠢᠨ 19 ᠤ ᠴᠠᠭᠢᠯᠭᠠᠨ ᠮᠡᠳᠡᠭᠡ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号