2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠦᠨᠳᠦᠰᠦᠲᠡᠨ ᠤ ᠲᠤᠬᠠᠢ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠲᠤᠬᠠᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ | ᠴᠠᠭ ᠤᠨ ᠲᠣᠬᠢᠷᠠᠭᠤᠯᠤᠯᠲᠠ | ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠄ 5 ᠳ᠋ᠤᠭᠠᠷ ᠰᠠᠷ᠎ᠠ ᠶᠢᠨ 1 ᠤ | ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ | ᠦᠨᠳᠦᠰᠦᠲᠡᠨ ᠤ ᠲᠤᠬᠠᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ᠄ 5 ᠳ᠋ᠤᠭᠠᠷ ᠰᠠᠷ᠎ᠠ ᠶᠢᠨ 25 ᠤ | ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ | ᠠᠵᠢᠯ ᠤᠨ ᠭᠤᠣᠯ ᠰᠡᠳᠦᠪ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ | ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠲᠤᠬᠠᠢ | ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠦᠵᠡᠯ ᠰᠠᠨᠠᠭ᠎ᠠ ᠪᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠠᠵᠢᠯ ᠤᠨ ᠭᠤᠣᠯ ᠱᠤᠭᠤᠮ ᠪᠣᠯᠭᠠᠵᠤ᠂ ︽ᠳᠥᠷᠪᠡ ᠶᠢ ᠶᠡᠭᠡ ᠪᠠᠷ ᠤᠬᠠᠭᠤᠯᠬᠤ︾ ᠪᠠ ︽ᠭᠤᠷᠪᠠ ᠶᠢ | ᠲᠣᠳᠣᠷᠬᠠᠶᠢᠯᠠᠨ ᠶᠠᠷᠢᠬᠤ︾ ᠯᠤᠭ᠎ᠠ ᠨᠢᠭᠲᠠ ᠤᠶᠠᠯᠳᠤᠭᠤᠯᠤᠨ᠂ ᠨᠠᠮ ᠤᠨ ᠦᠨᠳᠦᠰᠦᠲᠡᠨ ᠤ ᠲᠤᠬᠠᠢ ᠣᠨᠣᠯ ᠤᠨ ᠲᠥᠷᠥ ᠶᠢᠨ | ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠵᠤ᠂ | ᠪᠥᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠥᠵᠢᠭᠦᠯᠦᠨ ᠳᠠᠭᠠᠭᠤᠯᠵᠤ ᠪᠠᠶᠢᠭᠠᠳ | ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ︽ᠨᠢᠭᠡ | ᠭᠤᠣᠯ ᠰᠢᠵᠢᠮ ᠢ ᠲᠤᠭᠤᠰᠢᠯᠠᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠳᠠᠪᠰᠢᠬᠤ︾ ᠲᠠᠯ᠎ᠠ ᠪᠠᠷ ᠨᠡᠩ ᠶᠡᠭᠡ | ᠠᠬᠢᠴᠠ ᠲᠠᠢ ᠪᠣᠯᠬᠤ ᠪᠠᠷ ᠴᠢᠷᠮᠠᠶᠢᠨ᠎ᠠ᠃ | ᠭᠤᠣᠯᠳᠠᠯᠭ᠎ᠠ ᠲᠠᠢ ᠤᠬᠠᠭᠤᠯᠬᠤ ᠠᠭᠤᠯᠭ᠎ᠠ | ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ︔ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠰᠢ ᠶᠢᠨ | ᠫᠢᠩ ᠤᠨ ᠰᠣᠶᠣᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠲᠤᠬᠠᠢ ᠠᠵᠢᠯ ᠢ | ᠴᠢᠩᠭᠠᠳᠬᠠᠨ ᠰᠠᠶᠢᠵᠢᠷᠠᠭᠤᠯᠬᠤ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ | ᠤᠨᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ︔ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ | ᠲᠤᠬᠠᠢ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ︔ ᠰᠠᠬᠢᠨ ᠪᠠᠷᠠᠯᠠᠵᠤ ᠬᠠᠷᠢᠯᠴᠠᠨᠬᠠᠪᠰᠤᠷᠤᠯᠴᠠᠬᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠ ︽ᠤᠮᠠᠷᠠᠲᠤ ᠶᠢᠨ | ᠭᠤᠷᠪᠠᠨ ᠣᠷᠣᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ ᠪᠠᠷ ᠦᠨᠳᠦᠰᠦᠨ ᠠᠭᠤᠯᠤᠭᠳᠠᠬᠤᠨ ᠪᠣᠯᠭᠠᠭᠰᠠᠨ ᠤᠮᠠᠷᠠᠲᠤ | ᠬᠢᠯᠢ ᠶᠢᠨ ᠰᠣᠶᠣᠯ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ | ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ | ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠃ | ᠠᠵᠢᠯ ᠤᠨ ᠲᠣᠬᠢᠷᠠᠭᠤᠯᠤᠯᠲᠠ | ᠲᠤᠰᠬᠠᠢ ᠬᠦᠷᠢᠶᠡᠨ ᠳᠠᠬᠢ ᠠᠵᠢᠯ | ᠡᠨᠡ ᠵᠢᠯ ᠭᠠᠴᠠᠭ᠎ᠠ ᠲᠣᠰᠬᠤᠨ ᠪᠠ ᠨᠡᠶᠢᠭᠡᠮ ᠲᠣᠭᠤᠷᠢᠭ ᠲᠤ ᠭᠤᠣᠯᠳᠠᠯᠭ᠎ᠠ ᠲᠠᠢ ᠬᠠᠨᠳᠤᠭᠤᠯᠤᠨ᠂ ᠠᠯᠪᠠᠨ ᠪᠠᠶᠢᠭᠤᠯᠭ᠎ᠠ᠂ | ᠠᠵᠤ ᠠᠬᠤᠶᠢᠯᠠᠯ᠂ ᠰᠤᠷᠭᠠᠭᠤᠯᠢ᠂ ᠴᠡᠷᠢᠭ ᠤᠨ ᠰᠤᠮᠤᠨ ᠠᠩᠭᠢ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠭᠠᠵᠠᠷ᠂ | ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ᠂ ᠰᠦᠯᠵᠢᠶ᠎ᠡ ᠵᠡᠷᠭᠡ 9 ᠬᠦᠷᠢᠶ᠎ᠡ ᠴᠠᠷᠠᠭ᠎ᠠ ᠵᠢᠴᠢ ᠨᠡᠶᠢᠭᠡᠮ ᠤᠨ ᠡᠯ᠎ᠡ ᠬᠦᠷᠢᠶ᠎ᠡ ᠶᠢ | ᠨᠢᠭᠡᠳᠦᠯᠲᠡᠢ ᠲᠥᠯᠥᠪᠯᠡᠨ ᠬᠠᠮᠤᠷᠴᠤ ᠠᠵᠢᠯ ᠢᠶᠠᠨ ᠥᠷᠨᠢᠭᠦᠯᠦᠨ᠎ᠡ᠃ | ᠠᠯᠪᠠᠨ ᠪᠠᠶᠢᠭᠤᠯᠭ᠎ᠠ ᠳᠤ ᠥᠷᠨᠢᠭᠦᠯᠦᠨ᠎ᠡ | ︽ᠭᠤᠷᠪᠠᠨ ᠬᠤᠷᠠᠯ ᠨᠢᠭᠡ ᠬᠢᠴᠢᠶᠡᠯ︾᠂ ᠨᠠᠮ ᠤᠨ ᠭᠤᠣᠯ ᠰᠡᠳᠦᠪᠲᠦ ᠡᠳᠦᠷ᠂ ᠠᠯᠪᠠᠨ ᠪᠠᠶᠢᠭᠤᠯᠭ᠎ᠠ ᠶᠢᠨ ᠺᠠᠳ᠋ᠷᠴᠤᠳ ᠤᠨ | ᠤᠯᠤᠰ ᠲᠥᠷᠥ ᠣᠨᠣᠯ ᠤᠨ ᠰᠤᠷᠤᠯᠴᠠᠯᠭ᠎ᠠ ᠵᠡᠷᠭᠡ ᠶᠢ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ | ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠶᠢᠨ ᠪᠠᠶᠠᠯᠢᠭ ᠠᠭᠤᠯᠤᠭᠳᠠᠬᠤᠨ ᠢ ᠨᠠᠩ ᠭᠦᠨᠵᠡᠭᠡᠢ ᠲᠠᠨᠢᠭᠤᠯᠤᠨ᠎ᠠ᠃ ᠠᠯᠪᠠᠨ ᠪᠠᠶᠢᠭᠤᠯᠭ᠎ᠠ ᠶᠢᠨ ᠨᠠᠮ ᠤᠨ | ᠭᠡᠰᠢᠭᠦᠨ ᠺᠠᠳ᠋ᠷ᠂ ᠠᠵᠢᠯ ᠠᠴᠠ ᠪᠠᠨ ᠠᠮᠠᠷᠠᠭᠰᠠᠨ ᠺᠠᠳ᠋ᠷ᠂ ᠲᠤᠰᠬᠠᠢ ᠮᠡᠷᠭᠡᠵᠢᠯᠲᠡᠨ ᠡᠷᠳᠡᠮᠲᠡᠨ ᠤ ᠦᠢᠯᠡᠳᠦᠯ ᠢ ᠭᠦᠢᠴᠡᠳ | ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ | ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠨ᠎ᠡ᠃ ᠬᠤᠣᠰᠯᠠᠯ | ᠪᠠᠶᠢᠭᠤᠯᠵᠤ ᠬᠠᠮᠲᠤ ᠪᠠᠷ ᠪᠠᠶᠢᠭᠤᠯᠬᠤ᠂ ᠬᠤᠶᠠᠷ ᠲᠤ ᠮᠡᠳᠡᠭᠦᠯᠦᠨ ᠬᠤᠶᠠᠷ ᠲᠤ ᠦᠢᠯᠡᠴᠢᠯᠡᠬᠦ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ᠦᠢᠯᠡᠴᠢᠯᠡᠬᠦ ᠡᠲᠡᠭᠡᠳ ᠪᠠ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠠᠴᠢᠮᠳᠠᠵᠤ ᠬᠦᠴᠢᠷᠳᠡᠵᠦ | ᠵᠣᠪᠠᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠨᠢᠭᠡ ᠪᠦᠯᠦᠭ | ᠪᠣᠳᠠᠲᠤ ᠶᠠᠪᠤᠳᠠᠯ ᠢ ᠰᠠᠶᠢᠲᠤᠷ ᠰᠢᠢᠳᠪᠦᠷᠢᠯᠡᠨ ᠭᠦᠢᠴᠡᠳᠬᠡᠵᠦ᠂ ᠠᠯᠪᠠᠨ ᠪᠠᠶᠢᠭᠤᠯᠭ᠎ᠠ ᠶᠢᠨ ᠺᠠᠳ᠋ᠷᠴᠤᠳ ᠢ ᠬᠥᠲᠥᠯᠥᠨ | ᠵᠢᠯᠤᠭᠤᠳᠴᠤ ᠪᠠᠶᠢᠭᠠᠳ ᠨᠠᠮ ᠤᠨ ᠦᠨᠳᠦᠰᠦᠲᠡᠨ ᠤ ᠲᠤᠬᠠᠢ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ | ᠲᠣᠭᠲᠠᠭᠠᠯ ᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠬᠡᠪ ᠳᠠᠭᠤᠷᠢᠶᠠᠯ ᠪᠣᠯᠵᠤ᠂ | ᠦᠯᠢᠭᠡᠷ ᠳᠠᠭᠤᠷᠢᠶᠠᠯ ᠦᠵᠡᠭᠦᠯᠦᠨ᠎ᠡ᠃ | ᠠᠵᠤ ᠠᠬᠤᠶᠢᠯᠠᠯ ᠳᠤ ᠥᠷᠨᠢᠭᠦᠯᠦᠨ᠎ᠡ | ︽ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ︾ ᠯᠤᠭ᠎ᠠ ᠤᠶᠠᠯᠳᠤᠭᠤᠯᠤᠨ᠂ ᠠᠵᠤ ᠠᠬᠤᠶᠢᠯᠠᠯ ᠳᠤ ᠬᠤᠯᠪᠣᠭᠳᠠᠬᠤ | ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠤᠭᠤᠰᠢᠯᠠᠭᠤᠯᠬᠤ ᠬᠦᠴᠦᠨ ᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ ᠰᠤᠷᠤᠯᠴᠠᠯᠭ᠎ᠠ᠂ ᠪᠣᠯᠪᠠᠰᠤᠷᠠᠯ᠂ ᠲᠥᠷᠥ ᠶᠢᠨ | ᠪᠣᠳᠣᠯᠭ᠎ᠠ᠂ ᠬᠠᠤᠯᠢ ᠴᠠᠭᠠᠵᠠ᠂ ᠦᠢᠯᠡᠴᠢᠯᠡᠭᠡ ᠶᠢ ᠦᠢᠯᠡᠳᠪᠦᠷᠢ ᠶᠢᠨ ᠲᠠᠰᠤᠭ ᠪᠠ ᠠᠩᠭᠢ ᠳᠤᠭᠤᠶᠢᠯᠠᠩ ᠳᠤ ᠬᠦᠷᠭᠡᠬᠦ | ᠠᠵᠢᠯ ᠢ ᠥᠷᠨᠢᠭᠦᠯᠦᠨ᠂ ᠨᠠᠮ ᠤᠨ ᠡᠭᠦᠷ ᠤᠨ ᠱᠦᠵᠢ ᠶᠢ ᠵᠣᠬᠢᠶᠠᠨ ᠪᠠᠶᠢᠭᠤᠯᠵᠤ ᠪᠠᠶᠢᠭᠠᠳ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠢ ᠰᠡᠳᠦᠪᠲᠦ ᠨᠠᠮ ᠤᠨ ᠬᠢᠴᠢᠶᠡᠯ | ᠶᠠᠷᠢᠭᠤᠯᠵᠤ᠂ ᠬᠠᠮᠲᠤ ᠶᠢᠨ ᠠᠵᠢᠯᠯᠠᠭ᠎ᠠ ᠵᠢᠴᠢ ᠰᠢᠯᠢᠳᠡᠭ ᠨᠠᠮ ᠤᠨ ᠭᠡᠰᠢᠭᠦᠨ᠂ ᠠᠵᠢᠯ ᠲᠦᠷᠦᠯ ᠤᠨ ᠬᠤᠰᠢᠭᠤᠴᠢᠯᠠᠭᠴᠢ᠂ | ᠬᠥᠳᠡᠯᠮᠦᠷᠢ ᠶᠢᠨ ᠵᠢᠱᠢᠶᠡᠴᠢ ᠤᠷᠠᠨ ᠳᠠᠷᠬᠠᠳ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠭᠤᠣᠯ ᠰᠡᠳᠦᠪᠲᠦ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠲᠠᠨ ᠠᠵᠢᠯᠴᠢᠨ ᠤ ᠦᠰᠦᠨ | ᠪᠤᠶᠢᠵᠢᠯᠲᠠ ᠪᠠ ᠠᠵᠤ ᠠᠬᠤᠶᠢᠯᠠᠯ ᠤᠨ ᠬᠥᠭᠵᠢᠯᠲᠡ ᠶᠢ ᠬᠤᠯᠪᠣᠯᠳᠤᠭᠤᠯᠤᠭᠰᠠᠨ ︽ᠰᠡᠳᠬᠢᠯ ᠤᠨ ᠬᠤᠯᠪᠣᠭᠠᠰᠤ︾ ᠶᠢ | ᠪᠠᠶᠢᠭᠤᠯᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ | ᠨᠡᠶᠢᠭᠡᠮ ᠲᠣᠭᠤᠷᠢᠭ ᠲᠤ ᠥᠷᠨᠢᠭᠦᠯᠦᠨ᠎ᠡ | ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠ | ᠠᠳᠠᠯ ᠠᠬᠤᠢ ᠶᠢᠨ ᠬᠢᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠠᠳᠠᠯ ᠠᠬᠤᠢ ᠶᠢᠨ ᠸᠢᠴᠠᠲ ᠤᠨ ᠴᠤᠭᠯᠠᠷᠠᠯ᠂ | ᠬᠤᠪᠢᠰᠬᠠᠯᠲᠤ ᠰᠦᠯᠵᠢᠶᠡᠨ ᠤ ᠴᠤᠭᠯᠠᠷᠠᠯ᠂ ᠦᠵᠡᠭᠦᠯᠭᠡ ᠶᠢᠨ ᠰᠠᠮᠪᠠᠷ᠎ᠠ ᠵᠡᠷᠭᠡ ᠶᠢ ᠠᠰᠢᠭᠯᠠᠨ᠂ ᠠᠷᠠᠳ ᠲᠤ ᠠᠰᠢᠭ | ᠬᠦᠷᠲᠡᠭᠡᠬᠦ ᠨᠠᠮ ᠤᠨ ᠲᠥᠷᠥ ᠶᠢᠨ ᠪᠣᠳᠣᠯᠭ᠎ᠠ ᠬᠢᠭᠡᠳ ᠦᠨᠳᠦᠰᠦᠲᠡᠨ ᠨᠦᠭᠦᠳ ᠤᠨ ᠣᠯᠠᠨ ᠲᠦᠮᠡᠨ ᠯᠦᠭᠡ ᠨᠢᠭᠲᠠ | ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠢᠯᠢᠳᠡᠭ ᠤᠳᠬ᠎ᠠ ᠤᠷᠠᠯᠢᠭ ᠤᠨ ᠰᠣᠳᠣᠨ ᠪᠦᠲᠦᠭᠡᠯ ᠢ | ᠲᠣᠭᠯᠠᠨ ᠨᠡᠪᠲᠡᠷᠡᠭᠦᠯᠬᠦ᠂ ᠬᠥᠷᠰᠢ ᠵᠡᠷᠭᠡᠯᠡᠳᠡᠭᠡ ᠪᠠᠷ ᠢᠶᠠᠨ ᠪᠦᠯᠬᠦᠮᠳᠡᠨ ᠬᠠᠪᠰᠤᠷᠤᠯᠴᠠᠬᠤ ᠰᠢᠷᠢᠰ ᠠᠵᠢᠯᠯᠠᠭ᠎ᠠ ᠶᠢ | ᠥᠷᠨᠢᠭᠦᠯᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠰᠠᠭᠤᠷᠢᠰᠢᠨ ᠬᠠᠮᠲᠤ ᠪᠠᠷ ᠰᠤᠷᠤᠯᠴᠠᠬᠤ᠂ | ᠬᠠᠮᠲᠤ ᠪᠠᠷ ᠪᠠᠶᠢᠭᠤᠯᠵᠤ ᠬᠠᠮᠲᠤ ᠪᠠᠷ ᠬᠥᠷᠲᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠪᠠᠶᠠᠰᠬᠤ ᠨᠡᠶᠢᠭᠡᠮ ᠤᠨ ᠨᠥᠬᠦᠴᠡᠯ ᠢ | ᠢᠳᠡᠪᠬᠢᠲᠡᠢ ᠪᠣᠢ ᠪᠣᠯᠭᠠᠨ᠎ᠠ᠃ | ᠭᠠᠴᠠᠭ᠎ᠠ ᠲᠣᠰᠬᠤᠨ ᠳᠤ ᠥᠷᠨᠢᠭᠦᠯᠦᠨ᠎ᠡ | ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠬᠤ︾ ᠠᠵᠢᠯᠯᠠᠭᠠᠨ ᠢ ᠬᠢᠨᠠᠮᠠᠭᠠᠢ | ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠭᠦᠨ᠂ ᠲᠣᠰᠬᠤᠨ ᠳᠤ | ᠰᠠᠭᠤᠭᠰᠠᠨ ᠠᠵᠢᠯᠯᠠᠬᠤ ᠠᠩᠭᠢ᠂ ᠠᠬᠠᠮᠠᠳ ᠨᠠᠮ ᠤᠨ ᠭᠡᠰᠢᠭᠦᠨ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ | ᠵᠡᠷᠭᠡ ᠨᠢ ᠡᠳᠦᠷ ᠲᠤᠲᠤᠮ ᠤᠨ ᠠᠵᠢᠯ ᠲᠠᠢ ᠪᠠᠨ ᠤᠶᠠᠯᠳᠤᠭᠤᠯᠤᠨ ᠠᠶᠢᠯ ᠡᠷᠦᠬᠡ ᠪᠠᠷ ᠰᠤᠷᠪᠤᠯᠵᠢᠯᠠᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠯᠦᠭᠡ ᠬᠠᠮᠲᠤ ᠪᠠᠷ ᠵᠣᠭᠤᠭ ᠳᠡᠯᠭᠡᠨ᠂ ᠨᠠᠮ ᠤᠨ ᠦᠨᠳᠦᠰᠦᠲᠡᠨ ᠤ ᠲᠤᠬᠠᠢ | ᠲᠥᠷᠥ ᠶᠢᠨ ᠪᠣᠳᠣᠯᠭ᠎ᠠ ᠶᠢᠨ ᠬᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ ᠶᠠᠷᠢᠯᠴᠠᠵᠤ᠂ ᠦᠨᠳᠦᠰᠦᠲᠡᠨ ᠨᠦᠭᠦᠳ ᠤᠨ | ᠮᠠᠯᠴᠢᠨ ᠲᠠᠷᠢᠶᠠᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠳᠤ | ᠣᠷᠣᠯᠴᠠᠭᠤᠯᠤᠨ᠎ᠠ᠃ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ | ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠭᠡᠳ ︽ᠠᠨᠠᠷ ᠤᠨ ᠬᠡᠯᠬᠢᠶ᠎ᠡ︾ ᠲᠦᠷᠦ ᠶᠢᠨ ᠪᠣᠳᠣᠯᠭ᠎ᠠ᠂ ᠮᠡᠷᠭᠡᠵᠢᠯ᠂ | ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠯᠤᠭ᠎ᠠ ᠤᠶᠠᠯᠳᠤᠭᠤᠯᠤᠨ ᠦᠨᠳᠦᠰᠦᠲᠡᠨ ᠤ 18 ᠰᠢᠶᠠᠩ | ︵ᠰᠤᠮᠤ︶ ᠳᠤ ᠭᠦᠨᠵᠡᠭᠡᠶᠢᠷᠡᠵᠦ ᠨᠠᠮ ᠤᠨ ᠦᠨᠳᠦᠰᠦᠲᠡᠨ ᠤ ᠲᠤᠬᠠᠢ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ | ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠨ᠎ᠠ᠃ | ᠰᠤᠷᠭᠠᠭᠤᠯᠢ ᠨᠤᠭᠤᠳ ᠲᠤ ᠥᠷᠨᠢᠭᠦᠯᠦᠨ᠎ᠡ | ᠵᠠᠯᠠᠭᠤᠴᠤᠳ ᠪᠠᠭᠠᠴᠤᠳ ᠤᠨ ᠣᠨᠴᠠᠯᠢᠭ ᠯᠤᠭ᠎ᠠ ᠤᠶᠠᠯᠳᠤᠭᠤᠯᠤᠨ ᠰᠤᠷᠭᠠᠭᠤᠯᠢ ᠶᠢᠨ ᠬᠦᠷᠢᠶᠡᠨ ᠳᠠᠬᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠡᠳᠦᠪᠲᠦ ᠠᠵᠢᠯᠯᠠᠭ᠎ᠠ ᠶᠢ ᠤᠯᠠᠨ | ᠶᠠᠩᠵᠤ ᠪᠠᠷ᠂ ᠪᠠᠶᠠᠯᠢᠭ ᠬᠡᠯᠪᠡᠷᠢ ᠲᠠᠢ ᠥᠷᠨᠢᠭᠦᠯᠦᠨ᠎ᠡ᠃ ︽ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠨᠡᠶᠢᠲᠡᠯᠢᠭ | ᠬᠡᠯᠡ︾ ᠶᠢᠨ ᠰᠤᠷᠭᠠᠨ ᠬᠥᠮᠦᠵᠢᠯ ᠤᠨ ᠲᠤᠰᠬᠠᠢ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠠᠴᠠ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠬᠠᠷᠠᠬᠠᠨ ᠪᠠᠭ᠎ᠠ ᠠᠴᠠ ᠨᠢ ᠬᠡᠦᠬᠡᠳ ᠤᠨ ᠤᠶᠤᠨ ᠰᠠᠨᠠᠭᠠᠨ ᠳᠤ ᠬᠠᠳᠠᠩᠰᠢᠭᠤᠯᠤᠨ᠎ᠠ᠃ | | ᠴᠡᠷᠢᠭ ᠤᠨ ᠰᠤᠮᠤᠨ ᠠᠩᠭᠢ ᠳᠤ ᠥᠷᠨᠢᠭᠦᠯᠦᠨ᠎ᠡ | ᠨᠠᠮ ᠤᠨ ᠭᠤᠣᠯ ᠰᠡᠳᠦᠪᠲᠦ ᠡᠳᠦᠷ ᠤᠨ ᠠᠵᠢᠯᠯᠠᠭ᠎ᠠ᠂ ᠡᠯ᠎ᠡ ᠲᠥᠷᠥᠯ ᠤᠨ ᠲᠥᠪᠯᠡᠷᠡᠭᠦᠯᠦᠨ ᠪᠣᠯᠪᠠᠰᠤᠷᠠᠭᠤᠯᠬᠤ ᠪᠠ | ᠡᠭᠡᠯᠵᠢᠯᠡᠨ ᠪᠣᠯᠪᠠᠰᠤᠷᠠᠭᠤᠯᠬᠤ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠣᠯᠪᠠᠰᠤᠷᠠᠯ ᠳᠤᠮᠳᠠ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠ ᠬᠠᠤᠯᠢ ᠪᠠᠷ ᠵᠠᠰᠠᠬᠤ | ᠬᠥᠮᠦᠵᠢᠯ ᠤᠨ ᠬᠠᠪᠰᠤᠷᠤᠨ ᠵᠢᠯᠤᠭᠤᠳᠬᠤ ᠬᠢᠴᠢᠶᠡᠯ ᠢ ᠲᠣᠬᠢᠷᠠᠭᠤᠯᠵᠤ᠂ ᠬᠠᠪᠰᠤᠷᠤᠨ ᠳᠠᠭᠠᠭᠤᠯᠵᠤ ᠬᠠᠪᠰᠤᠷᠤᠨ | ᠪᠠᠶᠢᠭᠤᠯᠬᠤ᠂ ᠴᠡᠭ ᠲᠤ ᠰᠠᠭᠤᠵᠤ ᠪᠠᠶᠢᠴᠠᠭᠠᠨ ᠰᠤᠳᠤᠯᠬᠤ ᠵᠡᠷᠭᠡ ᠯᠦᠭᠡ ᠤᠶᠠᠯᠳᠤᠭᠤᠯᠤᠨ᠂ ᠨᠠᠮ ᠤᠨ ᠦᠨᠳᠦᠰᠦᠲᠡᠨ ᠤ | ᠲᠤᠬᠠᠢ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠪᠠ | ᠲᠣᠳᠣᠷᠬᠠᠶᠢᠯᠠᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠵᠢᠯᠣᠭᠤᠳᠤᠭᠴᠢ | ᠪᠠᠶᠢᠯᠳᠤᠭᠴᠢᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ | ᠡᠭᠦᠷᠭᠡᠲᠦ ᠰᠡᠳᠬᠢᠯᠭᠡ ᠪᠠᠷ ᠤᠯᠤᠰ ᠢᠶᠠᠨ ᠬᠦᠴᠦᠷᠬᠡᠭᠵᠢᠭᠦᠯᠬᠦ ᠴᠡᠷᠢᠭ ᠢᠶᠠᠨ ᠬᠦᠴᠦᠷᠬᠡᠭᠵᠢᠭᠦᠯᠬᠦ ᠦᠢᠯᠡᠳᠦᠯᠭᠡ ᠳᠤ | ᠣᠷᠣᠯᠴᠠᠭᠤᠯᠤᠨ᠎ᠠ᠃ | ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠭᠠᠵᠠᠷ ᠲᠤ ᠥᠷᠨᠢᠭᠦᠯᠦᠨ᠎ᠡ | ᠨᠠᠮ ᠤᠨ ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠪᠠ ᠱᠠᠰᠢᠨ ᠰᠤᠷᠲᠠᠬᠤᠨ ᠤ ᠲᠤᠬᠠᠢ ᠠᠵᠢᠯ ᠤᠨ | ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ ᠤ ᠪᠠᠭᠰᠢ ᠠᠵᠢᠯᠲᠠᠨ ᠪᠠ ᠱᠠᠰᠢᠨ | ᠰᠢᠲᠦᠭᠴᠢᠳ ᠲᠤ ᠬᠠᠨᠳᠤᠭᠤᠯᠤᠨ ᠦᠨᠳᠦᠰᠦᠨ ᠬᠠᠤᠯᠢ ᠪᠠ ᠦᠨᠳᠦᠰᠦᠲᠡᠨ ᠱᠠᠰᠢᠨ ᠰᠤᠷᠲᠠᠬᠤᠨ ᠤ ᠬᠦᠷᠢᠶᠡᠨ ᠳᠠᠬᠢ | ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ ᠤᠬᠠᠭᠤᠯᠵᠤ᠂ ᠡᠬᠡ ᠣᠷᠣᠨᠴᠢ ᠦᠵᠡᠯ ᠤᠨ ᠬᠥᠮᠦᠵᠢᠯ᠂ ᠨᠡᠶᠢᠭᠡᠮ | ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠬᠥᠮᠦᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠱᠠᠰᠢᠨ ᠰᠤᠷᠲᠠᠬᠤᠨ ᠤ ᠪᠠᠭᠰᠢ | ᠠᠵᠢᠯᠲᠠᠨ ᠪᠠ ᠱᠠᠰᠢᠨ ᠰᠢᠲᠦᠭᠴᠢᠳ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠦᠨᠳᠦᠰᠦᠲᠡᠨ ᠤ ᠪᠦᠯᠬᠦᠮᠳᠡᠯ᠂ | ᠱᠠᠰᠢᠨ ᠰᠤᠷᠲᠠᠬᠤᠨ ᠤ ᠡᠶ᠎ᠡ ᠵᠣᠬᠢᠴᠠᠯ᠂ ᠨᠡᠶᠢᠭᠡᠮ ᠤᠨ ᠲᠣᠭᠲᠠᠭᠤᠨ ᠪᠠᠶᠢᠳᠠᠯ ᠢ ᠤᠬᠠᠮᠰᠠᠷ ᠠᠴᠠ ᠪᠠᠨ ᠬᠠᠮᠠᠭᠠᠯᠠᠬᠤ ᠪᠣᠯᠭᠠᠨ᠎ᠠ᠃ | | ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠲᠤ ᠥᠷᠨᠢᠭᠦᠯᠦᠨ᠎ᠡ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠲᠤᠰᠬᠠᠵᠤ ᠳᠡᠶᠢᠯᠬᠦ ᠲᠡᠦᠬᠡ ᠶᠢᠨ | ᠳᠤᠷᠠᠰᠬᠠᠯᠲᠤ ᠵᠦᠢᠯ ᠪᠠ ᠲᠡᠦᠬᠡ ᠶᠢᠨ ᠪᠣᠳᠠᠲᠤ ᠬᠡᠷᠡᠭ ᠢᠶᠠᠷ ᠠᠴᠢᠶᠠᠯᠠᠪᠤᠷᠢ ᠪᠣᠯᠭᠠᠵᠤ᠂ ᠵᠢᠷᠤᠭ ᠦᠰᠦᠭ | ᠬᠤᠣᠰᠯᠠᠭᠤᠯᠤᠭᠰᠠᠨ ᠳᠡᠯᠭᠡᠨ ᠦᠵᠡᠭᠦᠯᠭᠡ ᠶᠢᠨ ᠰᠠᠮᠪᠠᠷ᠎ᠠ᠂ ᠪᠦᠷᠢᠨ ᠵᠠᠭᠤᠴᠢᠲᠤ ᠳᠡᠯᠭᠡᠨ ᠦᠵᠡᠭᠦᠯᠭᠡ ᠵᠡᠷᠭᠡ ᠠᠷᠭ᠎ᠠ | ᠪᠠᠷᠢᠯ ᠢᠶᠠᠷ ᠳᠠᠮᠵᠢᠭᠤᠯᠤᠨ᠂ ᠲᠡᠦᠬᠡ ᠶᠢᠨ ᠳᠤᠷᠠᠰᠬᠠᠯᠲᠤ ᠵᠦᠢᠯ ᠳᠤ ᠠᠭᠤᠯᠤᠭᠳᠠᠵᠤ ᠪᠠᠶᠢᠭ᠎ᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠠᠭᠤᠯᠤᠭᠳᠠᠬᠤᠨ ᠢ ᠲᠣᠳᠣᠷᠬᠠᠶᠢᠯᠠᠨ | ᠲᠠᠶᠢᠯᠪᠤᠷᠢᠯᠠᠨ᠎ᠠ᠃ ᠣᠲᠣ ᠪᠠᠶᠢᠭ᠎ᠠ ᠳᠡᠯᠭᠡᠨ ᠦᠵᠡᠭᠦᠯᠭᠡ ᠶᠢᠨ ᠪᠠᠶᠢᠷᠢᠰᠢᠯ ᠯᠤᠭ᠎ᠠ ᠤᠶᠠᠯᠳᠤᠭᠤᠯᠤᠨ᠂ | ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠵᠦ ᠬᠠᠮᠲᠤ ᠪᠠᠷ ᠭᠥᠷᠳᠡᠭᠰᠡᠨ ᠳᠤᠮᠳᠠᠳᠤ ᠶᠢᠨ ᠰᠣᠶᠣᠯ ᠤᠨ ᠲᠡᠮᠳᠡᠭ ᠪᠠ | ᠳᠦᠷᠢ ᠲᠥᠷᠬᠦ ᠶᠢ ᠰᠢᠭᠢᠳᠬᠡᠨ ᠣᠷᠣᠭᠤᠯᠵᠤ᠂ ᠤᠬᠠᠭᠤᠯᠤᠨ ᠳᠡᠯᠭᠡᠨ ᠦᠵᠡᠭᠦᠯᠬᠦ ᠪᠠᠨ ᠴᠢᠩᠭᠠᠳᠬᠠᠨ᠂ ᠰᠣᠶᠣᠯ | ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠢ ᠨᠠᠮ ᠤᠨ ᠦᠨᠳᠦᠰᠦᠲᠡᠨ ᠤ | ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠴᠢᠬᠤᠯᠠ ᠴᠣᠩᠬᠤᠪᠴᠢ | ᠪᠣᠯᠭᠠᠨ᠎ᠠ᠃ | ᠰᠦᠯᠵᠢᠶᠡᠨ ᠳᠤ ᠥᠷᠨᠢᠭᠦᠯᠦᠨ᠎ᠡ | ︽ᠢᠨᠲ᠋ᠧᠷ ᠰᠦᠯᠵᠢᠶ᠎ᠡ + ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ | ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ ᠢᠯᠠᠩᠭᠤᠶ᠎ᠠ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠤᠨ ᠭᠡᠰᠢᠭᠦᠨ ᠨᠢᠭᠡᠴᠢ ᠨᠦᠭᠦᠳ ᠫᠣᠷᠲ᠋ᠧᠯ ᠰᠦᠯᠵᠢᠶ᠎ᠡ ᠪᠤᠶᠤ ᠸᠢᠴᠠᠲ ᠤᠨ ᠨᠡᠶᠢᠲᠡ ᠶᠢᠨ ᠲᠠᠪᠴᠠᠩ ᠳᠤ | ᠤᠬᠠᠭᠤᠯᠭ᠎ᠠ ᠶᠢᠨ ᠲᠤᠰᠬᠠᠢ ᠪᠤᠯᠤᠩ ᠭᠠᠷᠭᠠᠵᠤ᠂ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ | ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠨ᠎ᠡ᠃ ᠡᠯ᠎ᠡ ᠭᠤᠣᠯ ᠪᠣᠯᠬᠤ | ᠵᠠᠭᠤᠴᠢᠯᠠᠭᠤᠷ ᠤᠨ ᠬᠢᠨ ᠰᠢᠨ᠎ᠡ ᠵᠠᠭᠤᠴᠢᠯᠠᠭᠤᠷ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠰᠦᠯᠵᠢᠶᠡᠨ ᠤ ᠢᠷᠭᠡᠳ ᠤᠨ ᠳᠤᠷᠠᠲᠠᠶ᠎ᠠ ᠬᠦᠯᠢᠶᠡᠨ ᠠᠪᠬᠤ ᠣᠬᠤᠷ ᠸᠢᠳᠢᠤ᠋ ᠵᠡᠷᠭᠡ ᠪᠦᠲᠦᠭᠡᠯ ᠢ ᠵᠣᠬᠢᠶᠠᠨ ᠪᠦᠲᠦᠭᠡᠵᠦ | ᠤᠬᠠᠭᠤᠯᠤᠨ ᠲᠠᠨᠢᠯᠴᠠᠭᠤᠯᠵᠤ᠂ ᠢᠨᠲ᠋ᠧᠷ ᠰᠦᠯᠵᠢᠶ᠎ᠡ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠬᠠᠮᠤᠭ ᠤᠨ ᠶᠡᠭᠡ ᠨᠡᠮᠡᠭᠳᠡᠯ ᠪᠣᠯᠭᠠᠨ᠎ᠠ᠃ | ᠡᠯ᠎ᠡ ᠬᠦᠷᠢᠶ᠎ᠡ ᠴᠠᠷᠠᠭᠠᠨ ᠳᠤ ᠥᠷᠨᠢᠭᠦᠯᠦᠨ᠎ᠡ | ᠡᠯ᠎ᠡ ᠠᠵᠢᠯ ᠲᠦᠷᠦᠯ ᠤᠨ ᠬᠢᠨ ᠡᠷᠬᠡ ᠴᠢᠳᠠᠮᠵᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠠᠷᠭ᠎ᠠ ᠬᠡᠯᠪᠡᠷᠢ | ᠪᠠ ᠠᠴᠢᠶᠠᠯᠠᠪᠤᠷᠢ ᠶᠢᠨ ᠲᠠᠯ᠎ᠠ ᠪᠠᠷ ᠢᠳᠡᠪᠬᠢᠲᠡᠢ ᠰᠢᠨ᠎ᠡ ᠶᠢ ᠡᠭᠦᠳᠴᠦ᠂ ᠨᠠᠮ ᠤᠨ ᠦᠨᠳᠦᠰᠦᠲᠡᠨ ᠤ ᠲᠤᠬᠠᠢ ᠤᠨᠤᠯ | ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠤᠬᠠᠭᠤᠯᠤᠨ᠂ ᠦᠨᠳᠦᠰᠦᠲᠡᠨ ᠨᠦᠭᠦᠳ ᠤᠨ | ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠮᠲᠤ ᠶᠢᠨ ᠤᠬᠠᠮᠰᠠᠷ᠂ ᠡᠵᠡᠨ ᠬᠥᠮᠥᠨ ᠤ ᠤᠬᠠᠮᠰᠠᠷ᠂ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠢ | ᠪᠠᠲᠤ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠭᠤᠤ ᠶᠡᠭᠡ | ᠦᠢᠯᠡᠳᠦᠯᠭᠡ ᠳᠤ ᠤᠬᠠᠮᠰᠠᠷ ᠠᠴᠠ ᠪᠠᠨ ᠣᠷᠣᠯᠴᠠᠬᠤ ᠪᠣᠯᠭᠠᠨ᠎ᠠ᠃ | ᠭᠤᠣᠯ ᠲᠠᠯᠠᠪᠤᠷ ᠤᠨ ᠭᠤᠣᠯᠳᠠᠯᠭ᠎ᠠ ᠪᠣᠯᠬᠤ ᠠᠵᠢᠯ | ᠭᠤᠣᠯ ᠲᠠᠯᠠᠪᠤᠷ ᠤᠨ ᠠᠵᠢᠯᠯᠠᠭ᠎ᠠ | 4 ᠳ᠋ᠦ᠋ᠭᠡᠷ ᠰᠠᠷ᠎ᠠ ᠶᠢᠨ ᠰᠡᠭᠦᠯᠴᠢ ᠪᠠᠷ᠂ ᠦᠬᠠᠢ ᠬᠤᠲᠠ ᠳᠤ ᠪᠥᠬᠦ ᠣᠷᠣᠨ ᠤ ︽ᠦᠨᠳᠦᠰᠦᠲᠡᠨ ᠤ ᠲᠤᠬᠠᠢ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠭᠤᠣᠯ ᠲᠠᠯᠠᠪᠤᠷ ᠤᠨ ᠠᠵᠢᠯᠯᠠᠭ᠎ᠠ ᠶᠠᠪᠤᠭᠳᠠᠭᠤᠯᠤᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠢᠷᠢᠰ ᠠᠵᠢᠯᠯᠠᠭ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠶᠢᠨ ᠵᠢᠷᠤᠭᠲᠤ | ᠵᠠᠷ ᠪᠠ ᠤᠬᠠᠭᠤᠯᠭ᠎ᠠ ᠶᠢᠨ ᠣᠬᠤᠷ ᠸᠢᠳᠢᠤ᠋ ᠡᠯᠰᠡᠬᠦ ᠠᠵᠢᠯᠯᠠᠭ᠎ᠠ ᠳᠤ ᠱᠠᠩᠨᠠᠯ ᠭᠥᠷᠳᠡᠭᠰᠡᠨ ᠪᠦᠲᠦᠭᠡᠯ ᠢ ᠨᠡᠶᠢᠲᠡᠯᠡᠵᠦ᠂ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠫᠤᠷᠲ᠋ᠧᠯ ᠰᠦᠯᠵᠢᠶ᠎ᠡ ᠪᠠ ᠸᠢᠴᠠᠲ ᠤᠨ | ᠨᠡᠶᠢᠲᠡ ᠶᠢᠨ ᠲᠠᠪᠴᠠᠩ ᠢᠶᠠᠷ ᠳᠠᠮᠵᠢᠭᠤᠯᠤᠨ ᠱᠠᠩᠨᠠᠯ ᠭᠥᠷᠳᠡᠭᠰᠡᠨ ᠪᠦᠲᠦᠭᠡᠯ ᠢ ᠬᠤᠭᠤᠴᠠᠭ᠎ᠠ ᠪᠦᠯᠦᠭ ᠬᠤᠪᠢᠶᠠᠨ ᠳᠡᠯᠭᠡᠨ | ᠦᠵᠡᠭᠦᠯᠦᠨ᠎ᠡ᠂ ᠲᠡᠳᠡᠭᠡᠷ ᠢ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠪᠠᠭᠤᠯᠭᠠᠨ ᠠᠪᠴᠤ ᠤᠬᠠᠭᠤᠯᠬᠤ ᠳᠤ ᠬᠡᠷᠡᠭᠯᠡᠵᠦ | ᠪᠣᠯᠣᠨ᠎ᠠ᠃ ︽ᠭᠡᠷᠡᠯ ᠵᠢᠷᠤᠭ ᠲᠠᠬᠢ ᠤᠮᠠᠷᠠᠲᠤ ᠬᠢᠯᠢ · ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ | ︱ ᠮᠢᠨᠤ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ︾ ᠭᠡᠬᠦ ᠭᠡᠷᠡᠯ ᠵᠢᠷᠤᠭ ᠤᠨ ᠪᠦᠲᠦᠭᠡᠯ | ᠡᠯᠰᠡᠬᠦ ᠤᠷᠤᠯᠳᠤᠭᠠᠨ ᠤ ᠠᠵᠢᠯᠯᠠᠭ᠎ᠠ ᠶᠢ ᠡᠷᠬᠢᠯᠡᠨ᠎ᠡ᠃ | ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠠᠵᠢᠯᠯᠠᠭ᠎ᠠ | ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠨᠦᠭᠦᠳ ᠵᠢᠱᠢᠶ᠎ᠡ | ᠦᠵᠡᠭᠦᠯᠵᠦ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠨ ᠠᠷᠭ᠎ᠠ ᠵᠠᠮ ᠢᠶᠠᠷ | ᠤᠬᠠᠭᠤᠯᠭ᠎ᠠ ᠶᠢᠨ ᠠᠵᠢᠯ ᠢᠶᠠᠨ ᠰᠠᠶᠢᠲᠤᠷ ᠬᠢᠨ᠎ᠡ᠃ ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶᠡᠴᠢ ᠨᠠᠷ ᠲᠦᠷᠦᠭᠦᠯᠡᠨ ᠦᠨᠳᠦᠰᠦᠨ ᠱᠠᠲᠤᠨ ᠳᠤ ᠭᠦᠨᠵᠡᠭᠡᠶᠢᠷᠡᠵᠦ ᠤᠬᠠᠭᠤᠯᠤᠨ ᠲᠠᠶᠢᠯᠪᠤᠷᠢᠯᠠᠬᠤ ᠠᠵᠢᠯ | ᠥᠷᠨᠢᠭᠦᠯᠦᠨ᠎ᠡ᠃ ᠡᠯ᠎ᠡ ᠱᠠᠲᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠬᠢᠨ ᠬᠤᠯᠪᠤᠭᠠᠯᠠᠨ ᠰᠤᠷᠤᠯᠴᠠᠵᠤ ᠬᠤᠯᠪᠤᠭᠠᠯᠠᠨ ᠪᠠᠶᠢᠭᠤᠯᠬᠤ ᠵᠡᠷᠭᠡ | ᠭᠤᠣᠯ ᠰᠡᠳᠦᠪᠲᠦ ᠠᠵᠢᠯᠯᠠᠭ᠎ᠠ ᠥᠷᠨᠢᠭᠦᠯᠦᠨ᠎ᠡ᠃ | ᠰᠦᠯᠵᠢᠶᠡᠨ ᠤ ᠱᠠᠩᠨᠠᠯᠲᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ | ︽ᠦᠨᠳᠦᠰᠦᠲᠡᠨ ᠤ ᠲᠤᠬᠠᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠬᠤᠭᠤᠴᠠᠭᠠᠨ ᠳᠤ᠂ ᠨᠠᠮ ᠤᠨ | ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠰᠦᠯᠵᠢᠶᠡᠨ ᠤ | ᠱᠠᠩᠨᠠᠯᠲᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠰᠠᠯᠠᠭ᠎ᠠ ᠮᠥᠴᠢᠷ | ᠨᠢᠭᠡᠴᠢ ᠶᠢ ᠥᠷᠭᠡᠨ ᠢᠶᠠᠷ ᠳᠠᠶᠢᠴᠢᠯᠠᠨ ᠣᠷᠣᠯᠴᠠᠭᠤᠯᠵᠤ᠂ ᠠᠵᠢᠯᠯᠠᠭ᠎ᠠ ᠶᠢᠨ ᠴᠥᠷᠬᠡᠯᠡᠭᠡ ᠶᠢ ᠸᠢᠴᠠᠲ ᠤᠨ ᠨᠡᠶᠢᠲᠡ ᠶᠢᠨ | ᠲᠠᠪᠴᠠᠩ ᠢᠶᠠᠷ ᠢᠳᠡᠪᠬᠢᠲᠡᠢ ᠳᠠᠮᠵᠢᠭᠤᠯᠤᠨ ᠲᠠᠷᠬᠠᠭᠠᠵᠤ᠂ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠶᠢ ᠴᠢᠷᠮᠠᠶᠢᠨ | ᠥᠷᠭᠡᠳᠬᠡᠵᠦ᠂ ᠨᠡᠶᠢᠭᠡᠮ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ | ᠤᠬᠠᠭᠤᠯᠭ᠎ᠠ ᠶᠢᠨ ᠣᠬᠤᠷ ᠮᠡᠳᠡᠭᠡ ᠳᠠᠮᠵᠢᠭᠤᠯᠬᠤ ᠠᠵᠢᠯᠯᠠᠭ᠎ᠠ | 5 ᠳ᠋ᠤᠭᠠᠷ ᠰᠠᠷ᠎ᠠ ᠶᠢᠨ ᠡᠬᠢ ᠪᠠᠷ᠂ ᠰᠢᠯᠵᠢᠮᠡᠯ ᠬᠤᠯᠪᠣᠭ᠎ᠠ᠂ ᠨᠢᠭᠡᠳᠦᠮᠡᠯ ᠬᠤᠯᠪᠣᠭ᠎ᠠ᠂ ᠴᠠᠬᠢᠯᠭᠠᠨ ᠬᠤᠯᠪᠣᠭ᠎ᠠ ᠵᠡᠷᠭᠡ | ᠡᠵᠡᠩᠨᠡᠨ ᠠᠵᠢᠯᠯᠠᠭᠰᠠᠳ ᠢᠶᠠᠷ ᠳᠠᠮᠵᠢᠭᠤᠯᠤᠨ᠂ ᠪᠥᠬᠦ ᠣᠷᠣᠨ ᠤ ᠭᠠᠷ ᠤᠲᠠᠰᠤᠨ ᠤ ᠬᠡᠷᠡᠭᠯᠡᠭᠴᠢᠳ ᠲᠤ ᠨᠠᠮ ᠤᠨ | ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ | ᠨᠡᠶᠢᠲᠡ ᠶᠢᠨ ᠠᠰᠠᠷᠠᠮᠵᠢ ᠶᠢᠨ ᠣᠬᠤᠷ ᠮᠡᠳᠡᠭᠡ ᠶᠢ ᠳᠠᠮᠵᠢᠭᠤᠯᠤᠨ᠎ᠠ᠃ | ᠠᠵᠢᠯ ᠤᠨ ᠱᠠᠭᠠᠷᠳᠠᠯᠭ᠎ᠠ | ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ | ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯ ᠢ ᠥᠷᠨᠢᠭᠦᠯᠬᠦ ᠳᠤ ᠪᠠᠨ ᠦᠨᠡᠨ ᠠᠴᠠ ᠵᠥᠪ ᠢ | ᠡᠷᠢᠬᠦ ᠶᠢ ᠪᠠᠷᠢᠮᠲᠠᠯᠠᠵᠤ᠂ ᠴᠠᠭ ᠬᠡᠮᠵᠢᠶ᠎ᠡ ᠪᠦᠲᠦᠮᠵᠢ ᠪᠠᠨ ᠡᠵᠡᠮᠳᠡᠬᠦ ᠬᠡᠷᠡᠭᠲᠡᠢ︔ ᠠᠷᠭ᠎ᠠ ᠬᠡᠯᠪᠡᠷᠢ ᠠᠷᠭ᠎ᠠ ᠮᠠᠶ᠋ᠢᠭ ᠢ ᠠᠩᠬᠠᠷᠴᠤ᠂ | ᠬᠡᠯᠪᠡᠷᠢᠴᠢ ᠦᠵᠡᠯ ᠢ ᠴᠢᠩᠭ᠎ᠠ ᠴᠡᠭᠡᠷᠯᠡᠨ᠂ ᠱᠠᠲᠤ ᠱᠠᠲᠤ ᠪᠠᠷ ᠠᠵᠢᠯ ᠤᠨ ᠡᠭᠦᠷᠭᠡ ᠶᠢ ᠨᠢ ᠨᠡᠮᠡᠭᠳᠡᠭᠦᠯᠵᠦ ᠪᠣᠯᠬᠤ ᠦᠭᠡᠢ᠂ | ᠦᠨᠳᠦᠰᠦᠨ ᠱᠠᠲᠤᠨ ᠤ ᠳᠠᠷᠤᠭᠠᠰᠤ ᠶᠢ ᠨᠢ ᠨᠡᠮᠡᠭᠳᠡᠭᠦᠯᠵᠦ ᠪᠣᠯᠬᠤ ᠦᠭᠡᠢ︔ ᠦᠨᠳᠦᠰᠦᠲᠡᠨ ᠨᠦᠭᠦᠳ ᠤᠨ ᠤᠯᠠᠨ | ᠲᠦᠮᠡᠨ ᠤ ᠠᠮᠠᠷᠬᠠᠨ ᠬᠦᠯᠢᠶᠡᠨ ᠠᠪᠬᠤ ᠬᠡᠯᠪᠡᠷᠢ ᠪᠠᠷ ᠤᠬᠠᠭᠤᠯᠭ᠎ᠠ ᠶᠢᠨ ᠠᠵᠢᠯ ᠢᠶᠠᠨ ᠥᠷᠨᠢᠭᠦᠯᠵᠦ᠂ ᠪᠣᠳᠠᠲᠤ ᠬᠡᠷᠡᠭ | ᠲᠤᠭ᠎ᠠ ᠪᠠᠷᠢᠮᠲᠠ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠶᠣᠰᠣ ᠤᠴᠢᠷ ᠢ ᠲᠣᠳᠣᠷᠬᠠᠶᠢᠯᠠᠬᠤ ᠳᠤ ᠪᠠᠨ ᠴᠢᠳᠠᠮᠠᠭᠠᠢ ᠪᠠᠶᠢᠬᠤ | ᠬᠡᠷᠡᠭᠲᠡᠢ︔ ᠪᠦᠲᠦᠮᠵᠢᠲᠡᠶ ᠲᠤᠷᠰᠢᠯᠭ᠎ᠠ ᠪᠠ ᠠᠷᠭ᠎ᠠ ᠶᠢ ᠴᠠᠭ ᠲᠤᠬᠠᠢ ᠳᠤ ᠨᠢ ᠳ᠋ᠦᠩᠨᠡᠵᠦ᠂ ᠨᠠᠮ ᠤᠨ ᠦᠨᠳᠦᠰᠦᠲᠡᠨ ᠤ | ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | |