4 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ | ᠪᠦᠲᠦᠭᠡᠨ ᠪᠠᠶᠢᠭᠤᠯᠤᠶ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠰᠣᠶᠣᠯ ᠤᠨ | ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠳᠡᠭᠡᠭᠰᠢᠯᠡᠭᠦᠯᠭᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠰᠣᠶᠣᠯ ᠤᠨ ᠪᠠᠶᠢᠭᠤᠯᠤᠯᠲᠠ ᠶᠢ ᠪᠦᠭᠦ ᠤᠯᠤᠰ ᠤᠨ | ᠳᠡᠭᠡᠳᠦ ᠲᠦᠪᠰᠢᠨ ᠲᠡᠶᠢᠰᠢ ᠠᠬᠢᠭᠤᠯᠬᠤ ᠬᠡᠷᠡᠭᠲᠡᠢ᠃ ᠤᠯᠠᠭᠠᠨᠮᠥ᠋ᠴᠢᠷ ᠵᠡᠷᠭᠡ ᠦᠨᠳᠦᠰᠦᠨ ᠱᠠᠲᠤᠨ ᠤ ᠤᠳᠬ᠎ᠠ | ᠤᠷᠠᠯᠢᠭ ᠤᠨ ᠡᠩᠨᠡᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ | ᠪᠣᠯᠣᠨ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠰᠠᠶᠢᠲᠤᠷ ᠤᠬᠠᠭᠤᠯᠬᠤ ᠬᠡᠷᠡᠭᠲᠡᠢ᠃ ᠲᠡᠦᠬᠡ | ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ︽ᠬᠠᠮᠠᠭᠠᠯᠠᠬᠤ ᠶᠢ ᠲᠡᠷᠢᠭᠦᠨ ᠳᠤ ᠲᠠᠯᠪᠢᠭᠰᠠᠨ︾ | ᠰᠠᠭᠤᠷᠢᠨ ᠳᠡᠭᠡᠷ᠎ᠡ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠡᠯ᠎ᠡ ᠵᠦᠢᠯ ᠤᠨ | ᠠᠵᠢᠯ ᠳᠠᠭᠠᠨ ᠲᠤᠭᠤᠰᠢᠯᠠᠭᠤᠯᠵᠤ᠂ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠴᠢᠩᠳᠠᠯᠠᠵᠤ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠵᠢᠭᠰᠠᠭᠠᠯ ᠤᠨ ᠭᠠᠵᠠᠷ ᠢ ᠰᠠᠶᠢᠲᠤᠷ | ᠰᠠᠬᠢᠨ ᠬᠠᠮᠢᠶᠠᠷᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | 172 ᠳ᠋ᠤᠭᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠪᠠᠶᠢᠭᠤᠯᠤᠯ | ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠬᠦᠷᠢᠶᠡᠨ ᠳᠠᠬᠢ ᠥᠭᠡᠷᠡᠴᠢᠯᠡᠯᠲᠡ ᠶᠢᠨ ᠡᠭᠦᠷᠭᠡ ᠶᠢ ᠠᠯᠢ | ᠴᠢᠳᠠᠬᠤ ᠪᠠᠷ ᠲᠦᠷᠭᠡᠨ ᠠᠬᠢᠭᠤᠯᠵᠤ᠂ ᠪᠣᠭᠤᠮᠲᠠ ᠰᠢᠪᠲᠤᠯᠬᠤ ᠡᠷᠴᠢ ᠵᠣᠷᠢᠭ ᠢᠶᠠᠷ ᠬᠦᠴᠢᠷ ᠠᠰᠠᠭᠤᠳᠠᠯ ᠢ | ᠰᠢᠢᠳᠪᠦᠷᠢᠯᠡᠵᠦ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠲᠦᠷᠭᠡᠨ ᠣᠯᠬᠤ ᠬᠡᠷᠡᠭᠲᠡᠢ᠃ | ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠲᠤ ᠪᠤᠢ ᠪᠤᠯᠭᠠᠵᠤ᠂ ᠬᠥᠭᠵᠢᠯᠲᠡ ᠪᠣᠯᠣᠨ ᠠᠮᠤᠷ | ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ | ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠵᠤ᠂ ᠢᠲᠡᠭᠡᠯ ᠵᠣᠷᠢᠭ ᠢᠶᠠᠨ | ᠪᠠᠲᠤᠳᠬᠠᠵᠤ᠂ ᠬᠥᠭᠵᠢᠯᠲᠡ ᠶᠢ ᠤᠳᠠᠭᠠᠰᠢᠷᠠᠭᠤᠯᠵᠤ ᠪᠤᠯᠬᠤ ᠦᠭᠡᠢ᠂ ᠭᠦᠢᠴᠡᠳᠬᠡᠯ ᠲᠤᠭ᠎ᠠ ᠶᠢ ᠪᠠᠭᠤᠷᠠᠭᠤᠯᠵᠤ | ᠪᠤᠯᠬᠤ ᠦᠭᠡᠢ᠂ ᠡᠭᠦᠷᠭᠡ ᠶᠢ ᠬᠠᠰᠤᠵᠤ ᠪᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠳᠡᠳ᠋ ᠲᠡᠷᠢᠭᠦᠯᠡᠭᠴᠢ ᠨᠠᠷ ᠠᠵᠤ | ᠠᠬᠤᠢ ᠶᠢᠨ ᠲᠣᠬᠢᠷᠠᠭᠤᠯᠤᠯᠲᠠ ᠶᠢ ᠴᠢᠩᠭ᠎ᠠ ᠠᠳᠬᠤᠵᠤ᠂ ᠭᠦᠢᠴᠡᠳᠬᠡᠯ ᠲᠤᠭ᠎ᠠ ᠶᠢ ᠨᠠᠷᠢᠨ ᠬᠤᠪᠢᠶᠠᠨ ᠨᠡᠪᠲᠡᠷᠬᠡᠢ | ᠵᠠᠳᠠᠯᠵᠤ᠂ ︽ᠨᠢᠭᠡ ᠱᠤᠭᠤᠮ︾ ᠤᠨ ᠲᠣᠭᠲᠠᠴᠠ ᠶᠣᠰᠣᠭᠠᠷ᠂ ᠶᠠᠮᠠᠷ ᠠᠰᠠᠭᠤᠳᠠᠯ ᠣᠷᠣᠰᠢᠵᠤ ᠪᠠᠶᠢᠪᠠᠯ ᠲᠡᠷᠡ | ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠲᠠᠪᠤᠨ ᠶᠡᠭᠡ ᠡᠭᠦᠷᠭᠡ᠂ ᠵᠢᠷᠭᠤᠭᠠᠨ ᠢᠨᠵᠧᠨᠧᠷᠢᠩ᠂ ᠵᠢᠷᠭᠤᠭᠠᠨ ᠠᠵᠢᠯᠯᠠᠭ᠎ᠠ | ᠶᠢᠨ ᠣᠨ ᠤ ᠡᠭᠦᠷᠭᠡ ᠶᠢ ᠲᠦᠷᠭᠡᠪᠴᠢᠯᠡᠨ ᠠᠬᠢᠭᠤᠯᠵᠤ᠂ ᠢᠯᠠᠩᠭᠤᠶ᠎ᠠ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠠᠵᠤ ᠠᠬᠤᠶᠢᠯᠠᠯ ᠬᠦᠴᠢᠷᠳᠡᠯ ᠲᠠᠢ ᠦᠶ᠎ᠡ ᠳᠤ ᠴᠠᠭ ᠲᠤᠬᠠᠢ ᠳᠤᠨᠢ | ᠬᠠᠪᠰᠤᠷᠬᠤ ᠬᠡᠷᠡᠭᠲᠡᠢ᠃ ᠪᠡᠯᠡ ᠣᠷᠣᠭᠤᠯᠤᠯᠲᠠ ᠪᠠ ᠬᠡᠷᠡᠭᠯᠡᠭᠡ ᠶᠢ ᠴᠢᠩᠭ᠎ᠠ ᠠᠳᠬᠤᠵᠤ᠂ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢ 10% ᠣᠷᠴᠢᠮ ᠢᠶᠠᠷ ᠨᠡᠮᠡᠭᠳᠡᠭᠦᠯᠬᠦ ᠬᠠᠷᠠᠯᠲᠠ ᠶᠢ ᠵᠣᠷᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠬᠡᠷᠡᠭᠯᠡᠭᠡ ᠶᠢ ᠦᠷᠭᠦᠯᠵᠢᠯᠡᠨ ᠠᠬᠢᠭᠤᠯᠵᠤ᠂ ︽ᠬᠤᠶᠠᠷ | ᠰᠢᠨ᠎ᠡ︾ ᠲᠥᠷᠥ ᠶᠢᠨ ᠪᠣᠳᠣᠯᠭ᠎ᠠ ᠳᠤ ᠣᠷᠣᠭᠤᠯᠬᠤ ᠲᠠᠸᠠᠷ ᠢ ᠳᠠᠭᠢᠨ 6 ᠲᠥᠷᠥᠯ ᠨᠡᠮᠡᠭᠳᠡᠭᠦᠯᠬᠦ ᠬᠡᠷᠡᠭᠲᠡᠢ᠃ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠬᠥᠳᠡᠯᠮᠦᠷᠢᠯᠡᠬᠦ ᠪᠠᠷ ᠲᠡᠳᠬᠦᠮᠵᠢ ᠶᠢ | ᠣᠷᠣᠯᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ᠃ ᠠᠰᠠᠭᠤᠳᠠᠯ | ᠰᠢᠢᠳᠪᠦᠷᠢᠯᠡᠬᠦ ᠰᠡᠳᠬᠢᠬᠦᠢ ᠪᠠ ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠰᠤᠷᠲᠠᠯ ᠢ ᠰᠠᠶᠢᠵᠢᠷᠠᠭᠤᠯᠬᠤ | ᠲᠠᠯ᠎ᠠ ᠪᠠᠷ ᠦᠨᠡᠨ ᠪᠣᠳᠠᠲᠠᠢ ᠠᠵᠢᠯᠯᠠᠵᠤ᠂ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ |