ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠣᠯᠠᠨ ᠲᠦᠮᠡᠨ ᠤ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ 4 ᠰᠠᠷ᠎ᠠ | ᠶᠢᠨ 10 ᠤ ᠡᠳᠦᠷ ᠠᠴᠠ ᠡᠬᠢᠯᠡᠨ᠂ ᠮᠠᠨ ᠤ ᠣᠷᠣᠨ ᠪᠤᠶ ᠪᠦᠬᠦᠢ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ | ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠡᠮ ᠡᠮᠨᠡᠯᠭᠡ ᠶᠢᠨ ᠳᠠᠭᠠᠳᠬᠠᠯ ᠤᠨ ᠡᠮ ᠤᠨ | ᠵᠦᠢᠯᠡᠰ ᠤᠨ ᠮᠥᠷᠳᠡᠯᠲᠡ ᠺᠣᠳ᠋ ᠢ ︽ᠴᠤᠭᠯᠠᠭᠤᠯᠬᠤ ᠶᠣᠰᠣᠲᠠᠢ ᠶᠢ ᠪᠦᠭᠦᠨ ᠢ ᠴᠤᠭᠯᠠᠭᠤᠯᠵᠤ᠂ ᠺᠣᠳ᠋ ᠢᠶᠠᠷ | ᠳ᠋ᠦᠩᠨᠡᠨ ᠪᠤᠳᠤᠵᠤ᠂ ᠺᠣᠳ᠋ ᠢᠶᠠᠷ ᠲᠣᠭᠠᠴᠠᠭ᠎ᠠ ᠬᠢᠬᠦ︾ ᠬᠠᠮᠢᠶᠠᠷᠤᠯᠲᠠ ᠶᠢ ᠪᠦᠭᠦ ᠲᠠᠯ᠎ᠠ ᠪᠠᠷ ᠬᠡᠷᠡᠭᠵᠢᠭᠦᠯᠵᠡᠢ᠃ | ᠣᠶᠢᠯᠠᠭᠠᠭᠰᠠᠨ ᠢᠶᠠᠷ᠂ ᠡᠮ ᠤᠨ ᠵᠦᠢᠯᠡᠰ ᠤᠨ ᠮᠥᠷᠳᠡᠯᠲᠡ ᠺᠣᠳ᠋ ᠨᠢ ᠡᠮ ᠤᠨ ᠵᠦᠢᠯᠡᠰ ᠤᠨ ︽ᠡᠯᠧᠺᠲᠷᠣᠨ | ᠪᠡᠶ᠎ᠡ ᠶᠢᠨ ᠦᠨᠡᠮᠯᠡᠯ︾ ᠪᠠᠶᠢᠵᠤ᠂ ︽ᠨᠢᠭᠡ ᠪᠣᠳᠠᠰ ᠲᠤ ᠨᠢᠭᠡ ᠺᠣᠳ᠋ ᠲᠠᠢ ᠪᠠᠶᠢᠬᠤ︾ ᠮᠡᠷᠭᠡᠵᠢᠯ ᠢᠶᠠᠷ ᠳᠠᠮᠵᠢᠨ᠂ ᠡᠮ | ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠢᠷᠡᠯᠲᠡ ᠶᠢ ᠪᠠᠶᠢᠴᠠᠭᠠᠵᠤ᠂ ᠶᠠᠪᠤᠴᠠ ᠶᠢ ᠨᠡᠬᠡᠮᠵᠢᠯᠡᠵᠦ | ᠪᠣᠯᠣᠨ᠎ᠠ᠃ ᠳᠠᠭᠠᠳᠬᠠᠯ ᠳᠤ ᠣᠷᠣᠯᠴᠠᠭᠰᠠᠳ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ | ᠳᠡᠯᠭᠡᠭᠦᠷ ᠠᠴᠠ ᠡᠮ ᠡᠮᠨᠡᠯᠭᠡ ᠶᠢᠨ ᠳᠠᠭᠠᠳᠬᠠᠯ ᠤᠨ ᠡᠮ ᠬᠤᠳᠠᠯᠳᠤᠨ ᠠᠪᠬᠤ ᠦᠶ᠎ᠡ ᠳᠤ᠂ ᠬᠡᠪ ᠤᠨ ᠳ᠋ᠦᠩᠨᠡᠨ | ᠪᠤᠳᠤᠬᠤ ᠶᠢ ᠨᠥᠯᠥᠭᠡᠯᠡᠬᠦ ᠦᠭᠡᠢ ᠤᠷᠢᠲᠠᠯ ᠳᠣᠣᠷ᠎ᠠ ᠡᠮ ᠤᠨ ᠳᠡᠯᠭᠡᠭᠦᠷ ᠡᠷᠬᠡᠪᠰᠢ ᠡᠮ ᠤᠨ ᠵᠦᠢᠯᠡᠰ ᠤᠨ | ᠮᠥᠷᠳᠡᠯᠲᠡ ᠺᠣᠳ᠋ ᠢ ᠰᠢᠷᠪᠢᠬᠦ ᠬᠡᠷᠡᠭᠲᠡᠢ᠂ ᠬᠡᠷᠪᠡ ᠮᠥᠷᠳᠡᠯᠲᠡ ᠺᠣᠳ᠋ ᠢ ᠰᠢᠷᠪᠢᠭᠰᠡᠨ ᠦᠭᠡᠢ ᠡᠮ ᠤᠨ ᠵᠦᠢᠯᠡᠰ ᠢ ᠡᠮ | ᠡᠮᠨᠡᠯᠭᠡ ᠶᠢᠨ ᠳᠠᠭᠠᠳᠬᠠᠯ ᠢᠶᠠᠷ ᠳ᠋ᠦᠩᠨᠡᠨ ᠪᠤᠳᠤᠵᠤ ᠪᠤᠯᠬᠤ ᠦᠭᠡᠢ᠃ ᠡᠭᠦᠨ ᠤ ᠬᠠᠮᠲᠤ᠂ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠨᠢ ᠮᠥᠷᠳᠡᠯᠲᠡ ᠺᠣᠳ᠋ ᠢ ᠳᠠᠮᠵᠢᠭᠤᠯᠤᠭᠰᠠᠨ ᠦᠭᠡᠢ ᠡᠮ ᠤᠨ | ᠵᠦᠢᠯᠡᠰ ᠤᠨ ᠲᠣᠭᠠᠴᠠᠭ᠎ᠠ ᠬᠢᠬᠦ ᠶᠢ ᠠᠶᠠᠨᠳᠠᠭᠠᠨ ᠬᠤᠷᠢᠭᠯᠠᠨ᠎ᠠ᠃ ᠦᠢᠯᠡᠳᠪᠦᠷᠢ ᠠᠴᠠ ᠭᠠᠷᠤᠭᠠᠳ ᠺᠣᠳ᠋ | ᠣᠯᠭᠤᠭᠰᠠᠨ ᠦᠭᠡᠢ ᠡᠮ ᠤᠨ ᠵᠦᠢᠯᠡᠰ ᠢ ᠡᠮ ᠤᠨ ᠳᠡᠯᠭᠡᠭᠦᠷ ᠤᠨ ᠬᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ | ᠮᠥᠴᠢᠷ ᠤᠨ ᠪᠠᠶᠢᠭᠤᠯᠤᠭᠰᠠᠨ ︽ᠺᠣᠳ᠋ ᠦᠭᠡᠢ ᠬᠥᠮᠥᠷᠭᠡ︾ ᠳᠤ ᠤᠷᠢᠳᠴᠢᠯᠠᠨ ᠳᠠᠮᠵᠢᠭᠤᠯᠵᠤ᠂ ᠡᠮ ᠤᠨ ᠵᠦᠢᠯᠡᠰ ᠤᠨ | ᠮᠥᠷᠳᠡᠯᠲᠡ ᠺᠣᠳ᠋ ᠢ ᠰᠢᠷᠪᠢᠬᠦ ᠴᠢᠬᠤᠯᠠ ᠦᠭᠡᠢ᠂ ᠡᠮ ᠡᠮᠨᠡᠯᠭᠡ ᠶᠢᠨ ᠳᠠᠭᠠᠳᠬᠠᠯ ᠤᠨ ᠳ᠋ᠦᠩᠨᠡᠨ ᠪᠣᠳᠣᠯᠲᠠ ᠶᠢ ᠲᠦᠷ | ᠬᠡᠪ ᠤᠨ ᠶᠣᠰᠣᠭᠠᠷ ᠬᠢᠪᠡᠯ ᠪᠣᠯᠴᠢᠬᠠᠨ᠎ᠠ᠃ ᠣᠳᠣᠬᠠᠨ ᠳᠤ᠂ ᠮᠠᠨ ᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ | ᠡᠮ ᠤᠨ ᠵᠦᠢᠯᠡᠰ ᠤᠨ ᠮᠥᠷᠳᠡᠯᠲᠡ ᠺᠣᠳ᠋ ᠢ ᠴᠤᠭᠯᠠᠭᠤᠯᠬᠤ ᠠᠵᠢᠯ ᠨᠢᠭᠡᠨᠲᠡ 15 ᠲᠥᠯᠥᠪᠯᠡᠭᠡᠲᠦ ᠣᠷᠣᠨ ᠢ | ᠬᠠᠮᠤᠷᠴᠤ᠂ 7315 ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ᠂ 15890 ᠲᠣᠭᠲᠠᠭᠰᠠᠨ ᠴᠡᠭ ᠤᠨ | ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠣᠷᠣᠭᠤᠯᠪᠠ᠃ | ︽ᠡᠨᠡ ᠬᠦ ᠠᠷᠭ᠎ᠠ ᠬᠡᠮᠵᠢᠶ᠎ᠡ ᠨᠢ ᠣᠯᠠᠨ ᠲᠦᠮᠡᠨ ᠤ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠵᠤ | ᠴᠢᠳᠠᠬᠤ ᠪᠠᠷ ᠪᠠᠷᠠᠬᠤ ᠦᠭᠡᠢ ᠪᠠᠰᠠ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ | ᠬᠠᠮᠠᠭᠠᠯᠠᠵᠤ ᠴᠢᠳᠠᠨ᠎ᠠ︾᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ ᠬᠡᠮᠵᠢᠬᠦ ᠲᠥᠪ ᠤᠨ ᠬᠠᠷᠢᠭᠤᠴᠠᠯᠭᠠᠲᠠᠨ | ᠢᠯᠡᠷᠬᠡᠶᠢᠯᠡᠬᠦ ᠳᠡᠭᠡᠨ᠂ ᠪᠦᠭᠦ ᠣᠷᠣᠨ ᠤ ᠡᠯ᠎ᠡ ᠲᠣᠭᠲᠠᠭᠰᠠᠨ ᠴᠡᠭ ᠤᠨ ᠡᠮ ᠤᠨ ᠳᠡᠯᠭᠡᠭᠦᠷ ᠡᠷᠬᠡᠪᠰᠢ | ︽ᠴᠤᠭᠯᠠᠭᠤᠯᠬᠤ ᠶᠣᠰᠣᠲᠠᠢ ᠶᠢ ᠨᠢ ᠪᠦᠭᠦᠨ ᠢ ᠴᠤᠭᠯᠠᠭᠤᠯᠵᠤ᠂ ᠺᠣᠳ᠋ ᠶᠣᠰᠣᠭᠠᠷ ᠳ᠋ᠦᠩᠨᠡᠨ ᠪᠤᠳᠤᠬᠤ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂︽ᠨᠢᠭᠡ ᠡᠮ ᠤᠨ ᠵᠦᠢᠯᠡᠰ ᠲᠤ ᠨᠢᠭᠡ ᠺᠣᠳ᠋ ᠲᠠᠢ ᠪᠠᠶᠢᠯᠭᠠᠬᠤ︾᠂ | ︽ᠺᠣᠳ᠋ ᠨᠢ ᠡᠮ ᠢ ᠳᠠᠭᠠᠬᠤ᠂ ᠡᠮ ᠨᠢ ᠬᠥᠮᠥᠨ ᠢ ᠳᠠᠭᠠᠬᠤ︾ ᠨᠠᠷᠢᠯᠢᠭ ᠣᠨᠣᠴᠠᠲᠠᠢ ᠬᠠᠮᠢᠶᠠᠷᠤᠯᠲᠠ ᠶᠢᠨ ᠵᠠᠭᠪᠤᠷ ᠢ | ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠭᠡᠵᠦ ᠪᠠᠶᠢᠯ᠎ᠠ᠃ ᠡᠭᠦᠨ ᠤ ᠬᠠᠮᠲᠤ᠂ ᠪᠠᠰᠠ ᠳᠠᠭᠠᠳᠬᠠᠯ ᠳᠤ ᠣᠷᠣᠯᠴᠠᠬᠰᠠᠨ | ᠣᠯᠠᠨ ᠲᠦᠮᠡᠨ ᠳᠤ ᠡᠮ ᠬᠤᠳᠠᠯᠳᠤᠨ ᠠᠪᠬᠤ ᠳᠠᠭᠠᠨ ︽ᠡᠮ ᠬᠤᠳᠠᠯᠳᠤᠬᠤ ᠳᠤ ᠡᠷᠬᠡᠪᠰᠢ ᠺᠣᠳ᠋ ᠰᠢᠷᠪᠢᠵᠦ᠂ ᠡᠮ | ᠬᠤᠳᠠᠯᠳᠤᠨ ᠠᠪᠬᠤ ᠳᠤ ᠤᠷᠢᠳ ᠢᠶᠠᠷ ᠺᠣᠳ᠋ ᠢ ᠰᠢᠯᠭᠠᠬᠤ︾ ᠵᠠᠷᠴᠢᠮ ᠢ ᠪᠠᠲᠤ ᠴᠡᠭᠡᠵᠢᠯᠡᠵᠦ᠂ ᠡᠮ ᠬᠡᠷᠡᠭᠯᠡᠬᠦ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠰᠠᠬᠢᠨ ᠬᠠᠮᠠᠭᠠᠯᠠᠬᠤ ᠶᠢ ᠰᠠᠨᠠᠭᠤᠯᠵᠤ ᠪᠠᠶᠢᠨ᠎ᠠ᠃ |