ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠳᠣᠣᠷ᠎ᠠ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠵᠤ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠶᠢᠨ ᠲᠥᠯᠥᠭᠡ᠂ 4 | ᠰᠠᠷ᠎ᠠ ᠶᠢᠨ18 ᠤ ᠡᠳᠦᠷ᠂ ᠪᠠᠶᠠᠨᠪᠤᠯᠠᠭ ᠰᠣᠮᠣ ᠨᠡᠶᠢᠭᠡᠮ ᠤᠨ ᠠᠪᠤᠷᠠᠨ ᠲᠤᠰᠠᠯᠠᠯᠲᠠ ᠶᠢᠨ ᠰᠤᠳᠤᠯᠤᠨ ᠮᠠᠭᠠᠳᠯᠠᠬᠤ | ᠬᠤᠷᠠᠯ ᠬᠢᠪᠡ᠃ | ᠬᠤᠷᠠᠯ ᠢ ᠰᠤᠮᠤᠨ ᠤ ᠨᠠᠮ ᠤᠨ ᠡᠭᠦᠷ ᠤᠨ ᠳᠡᠳ᠋ ᠱᠦᠵᠢ᠂ ᠰᠤᠮᠤᠨ ᠳᠠᠷᠤᠭ᠎ᠠ ᠡᠷᠬᠢᠯᠡᠵᠦ᠂ ᠡᠯ᠎ᠡ ᠬᠤᠪᠢᠳᠠᠨ | ᠬᠠᠮᠢᠶᠠᠷᠬᠤ ᠤᠳᠤᠷᠢᠳᠤᠯᠭ᠎ᠠ᠂ ᠭᠠᠴᠠᠭᠠᠨ ᠤ ᠨᠠᠮ ᠤᠨ ᠡᠭᠦᠷ ᠤᠨ ᠱᠦᠵᠢ ᠵᠢᠴᠢ ᠬᠠᠪᠰᠤᠷᠤᠭᠴᠢ᠂ ᠰᠤᠮᠤᠨ ᠤ | ᠠᠷᠠᠳ ᠤᠨ ᠶᠠᠪᠤᠳᠠᠯ ᠤᠨ ᠲᠤᠰᠠᠯᠠᠭᠴᠢ ᠣᠷᠣᠯᠴᠠᠪᠠ᠃ | 3 ᠰᠠᠷ᠎ᠠ ᠶᠢᠨ 12 ᠠᠴᠠ 3 ᠰᠠᠷ᠎ᠠ ᠶᠢᠨ 28 ᠤ ᠡᠳᠦᠷ ᠪᠣᠯᠲᠠᠯ᠎ᠠ ᠰᠤᠮᠤ ᠂ ᠭᠠᠴᠠᠭᠠᠨ ᠤ ᠠᠵᠢᠯᠲᠠᠳ | ᠡᠷᠦᠬᠡ ᠳᠤ ᠣᠷᠣᠵᠤ ᠪᠠᠶᠢᠳᠠᠯ ᠢ ᠣᠶᠢᠯᠠᠭᠠᠨ᠂ ᠤᠲᠠᠰᠤ ᠪᠠᠷ ᠠᠰᠠᠭᠤᠵᠤ ᠯᠠᠪᠯᠠᠨ᠂ ᠰᠤᠷᠠᠭ ᠵᠠᠩᠭᠢ ᠶᠢ | ᠬᠠᠷᠢᠴᠠᠭᠤᠯᠤᠨ ᠦᠵᠡᠵᠦ᠂ ᠡᠳ᠋ ᠬᠥᠷᠥᠩᠭᠡ ᠶᠢᠨ ᠪᠠᠶᠢᠳᠠᠯ᠂ ᠭᠡᠷ ᠤᠨ ᠪᠦᠷᠢᠯᠳᠦᠭᠦᠨ ᠤ ᠬᠤᠪᠢᠷᠠᠯᠲᠠ ᠵᠡᠷᠭᠡ ᠶᠢ | ᠬᠢᠨᠠᠨ ᠮᠠᠭᠠᠳᠯᠠᠵᠤ᠂ ᠠᠵᠢᠯ ᠣᠯᠣᠭᠰᠠᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠬᠡᠤᠬᠡᠳ ᠤᠨ | ᠰᠤᠷᠭᠠᠭᠤᠯᠢ ᠰᠣᠶᠣᠯ ᠤᠨ ᠪᠠᠶᠢᠳᠠᠯ᠂ ᠡᠮᠨᠡᠯᠭᠡ ᠶᠢᠨ ᠵᠠᠷᠤᠯᠭ᠎ᠠ ᠵᠡᠷᠭᠡ ᠶᠢ ᠨᠠᠷᠢᠯᠢᠭ ᠣᠶᠢᠯᠠᠭᠠᠵᠤ᠂ ᠭᠡᠷᠡᠴᠢᠯᠡᠬᠦ | ᠮᠠᠲ᠋ᠧᠷᠢᠶᠠᠯ ᠢ ᠬᠢᠨᠠᠮᠠᠭᠠᠢ ᠬᠢᠨᠠᠵᠤ᠂ ᠣᠳᠣ ᠪᠠᠶᠢᠭ᠎ᠠ79 ᠳᠣᠣᠷ᠎ᠠ ᠪᠠᠲᠤᠯᠭᠠᠳᠤ ᠡᠷᠦᠬᠡ ᠂116 ᠬᠥᠮᠥᠨ ᠤ | ᠪᠣᠳᠠᠲᠤ ᠪᠠᠶᠢᠳᠠᠯ ᠢ ᠭᠦᠨᠵᠡᠭᠡᠢ ᠰᠤᠳᠤᠯᠤᠨ ᠵᠠᠳᠠᠯᠵᠤ᠂ ᠬᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠪᠥᠬᠦ | ᠲᠠᠯ᠎ᠠ ᠪᠠᠷ ᠣᠶᠢᠯᠠᠭᠠᠪᠠ᠃ | ᠬᠢᠨᠠᠨ ᠮᠠᠭᠠᠳᠯᠠᠭᠰᠠᠨ ᠤ ᠦᠷ᠎ᠡ ᠳ᠋ᠦᠩ ᠳᠤ᠂ ᠰᠤᠳᠤᠯᠤᠨ ᠮᠠᠭᠠᠳᠯᠠᠬᠤ ᠬᠤᠷᠠᠯ ᠢᠶᠠᠷ ᠳᠠᠮᠵᠢᠨ᠂ | ᠠᠮᠢᠳᠤᠷᠠᠯ ᠤᠨ ᠳᠣᠣᠷ᠎ᠠ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠴᠢᠩᠭ᠎ᠠ ᠪᠠᠷᠢᠮᠲᠠᠯᠠᠨ᠂ | ᠳᠣᠣᠷ᠎ᠠ ᠪᠠᠲᠤᠯᠠᠭ᠎ᠠ ᠶᠢᠨ ᠮᠦᠩᠭᠦ ᠶᠢᠨ ᠲᠠᠷᠬᠠᠭᠠᠬᠤ ᠬᠡᠮᠵᠢᠶ᠎ᠡ ᠶᠢ ᠵᠣᠬᠢᠰᠲᠠᠢ ᠲᠣᠬᠢᠷᠠᠭᠤᠯᠤᠨ᠂ ᠬᠡᠮᠵᠢᠶᠡᠲᠡᠢ | ᠪᠠᠶᠢᠭ᠎ᠠ ᠠᠪᠤᠷᠠᠨ ᠲᠤᠰᠠᠯᠠᠬᠤ ᠡᠬᠢ ᠪᠠᠶᠠᠯᠢᠭ ᠢ ᠬᠠᠮᠤᠭ ᠤᠨ ᠬᠡᠷᠡᠭᠴᠡᠭᠡᠲᠡᠢ ᠬᠥᠮᠥᠨ ᠳᠤ ᠬᠡᠷᠡᠭᠯᠡᠬᠦ ᠶᠢ | ᠪᠠᠲᠤᠯᠠᠪᠠ᠃ | ᠳᠠᠷᠠᠭᠠᠴᠢ ᠶᠢᠨ ᠠᠯᠬᠤᠮ ᠳᠤ᠂ ᠪᠠᠶᠠᠨᠪᠤᠯᠠᠭ ᠰᠤᠮᠤᠨ ᠠᠴᠠ ᠦᠷᠭᠦᠯᠵᠢᠯᠡᠨ ᠨᠡᠶᠢᠭᠡᠮ ᠤᠨ ᠠᠪᠤᠷᠠᠨ ᠲᠤᠰᠠᠯᠠᠬᠤ | ᠬᠦᠳᠡᠯᠦᠩᠭᠦᠢ ᠬᠠᠮᠢᠶᠠᠷᠤᠯᠲᠠ ᠪᠠᠨ ᠴᠢᠩᠭᠠᠳᠬᠠᠨ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠲᠡᠭᠦᠯᠳᠡᠷᠵᠢᠭᠦᠯᠦᠨ᠂ ᠲᠣᠭᠲᠠᠭᠰᠠᠨ ᠬᠤᠭᠤᠴᠠᠭ᠎ᠠ ᠲᠠᠢ ᠪᠠᠷ ᠳᠣᠣᠷ᠎ᠠ ᠪᠠᠲᠤᠯᠭᠠᠳᠤ ᠡᠷᠦᠬᠡ ᠶᠢᠨ ᠠᠵᠤ ᠠᠬᠤᠢ ᠶᠢᠨ | ᠣᠷᠣᠯᠭ᠎ᠠ ᠶᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ ᠬᠠᠮᠲᠤ ᠳᠤᠨᠢ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠬᠦᠴᠦᠯᠡᠴᠡ ᠪᠠᠨ ᠴᠢᠩᠭᠠᠳᠬᠠᠨ᠂ ᠮᠠᠯᠴᠢᠨ ᠲᠦᠮᠡᠨ ᠤ ᠳᠣᠣᠷ᠎ᠠ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢᠨ ᠲᠤᠬᠠᠢ ᠣᠶᠢᠯᠠᠭᠠᠯᠲᠠ ᠶᠢ ᠨᠡᠮᠡᠭᠳᠡᠭᠦᠯᠦᠨ᠂ ᠢᠯᠡ ᠲᠣᠳᠣ ᠪᠣᠯᠭᠠᠨ᠂ ᠨᠡᠩ ᠨᠠᠷᠢᠯᠢᠭ ᠣᠨᠣᠪᠴᠢᠲᠠᠢ | ᠠᠪᠤᠷᠠᠨ ᠲᠤᠰᠠᠯᠠᠯᠲᠠ᠂ ᠨᠡᠩ ᠲᠤᠲᠤᠨᠤ ᠦᠢᠯᠡᠴᠢᠯᠡᠭᠡ ᠪᠠᠷ ᠢᠶᠠᠨ ᠬᠦᠴᠢᠷᠳᠡᠯᠲᠡᠢ ᠮᠠᠯᠴᠢᠨ ᠲᠦᠮᠡᠨ ᠤ | ᠣᠯᠣᠯᠲᠠ ᠶᠢᠨ ᠲᠥᠷᠥᠭᠳᠡᠯ᠂ ᠠᠵᠤ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠵᠦ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠨᠢᠭᠲᠠ ᠮᠥᠷᠲᠡᠭᠡᠨ ᠪᠠᠲᠤ ᠪᠠᠬᠢ ᠴᠣᠭᠴᠠᠯᠠᠨ᠎ᠠ᠃ | |