ᠮᠣᠳᠣᠨ ᠮᠠᠯᠵᠢᠯ ᠤᠨ ᠲᠠᠯᠠᠪᠠᠶ ᠭᠤᠴᠢᠨ ᠳᠣᠯᠣᠳᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠢᠷᠢᠰ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/4/30
     ᠭᠤᠴᠢᠨ ᠳᠣᠯᠣᠳᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠬᠦᠷᠴᠦ ᠢᠷᠡᠬᠦ ᠲᠠᠰᠢᠷᠠᠮ ᠳᠤ᠂ ᠮᠣᠳᠣᠨ ᠮᠠᠯᠵᠢᠯ ᠤᠨ ᠲᠠᠯᠠᠪᠠᠶ ᠨᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠢᠨ᠎ᠡ ᠬᠠᠭᠤᠳᠠᠰᠤ ᠡᠷᠡᠭᠦᠯ ᠡᠩᠬᠡ ︽ᠰᠡᠳᠬᠢᠯ︾ ᠤᠨ ᠠᠮᠢᠳᠤᠷᠠᠯ ᠢᠶᠠᠷ ᠭᠤᠤᠯ ᠰᠡᠳᠦᠪ ᠪᠣᠯᠭᠠᠵᠤ᠂ ᠨᠠᠮ ᠤᠨ ᠭᠡᠰᠢᠭᠦᠨ᠂ ᠣᠯᠠᠨ ᠲᠦᠮᠡᠨ᠂ ᠰᠠᠶᠢᠨ ᠳᠤᠷᠠᠴᠤᠳ ᠢ ᠥᠷᠭᠡᠨ ᠢᠶᠠᠷ ᠳᠠᠶᠢᠴᠢᠯᠠᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠳᠤ ᠣᠷᠣᠯᠴᠠᠭᠤᠯᠵᠤ᠂ ᠬᠥᠮᠦᠨ ᠪᠦᠬᠦᠨ ᠣᠷᠣᠯᠴᠠᠭᠰᠠᠨ᠂ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ ᠤᠯᠤᠰ ᠢᠶᠠᠨ ᠬᠠᠶᠢᠷᠠᠯᠠᠬᠤ ᠰᠢᠷᠢᠰ ᠠᠵᠢᠯᠯᠠᠭ᠎ᠠ ᠶᠢ ᠥᠷᠨᠢᠭᠦᠯᠪᠡ᠃      ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠶᠢ ᠤᠶᠠᠯᠳᠤᠭᠤᠯᠬᠤ ᠣᠯᠠᠨ ᠬᠡᠯᠪᠡᠷᠢ ᠶᠢᠨ ᠠᠷᠭ᠎ᠠ ᠮᠠᠶ᠋ᠢᠭ ᠢᠶᠠᠷ ᠤᠬᠠᠭᠤᠯᠭ᠎ᠠ ᠦᠷᠨᠢᠭᠦᠯᠵᠤ᠂ ᠰᠦᠯᠵᠢᠶᠡᠨ ᠭᠠᠳᠠᠨ᠎ᠠ᠂ ᠮᠠᠯᠵᠢᠯ ᠤᠨ ᠲᠠᠯᠠᠪᠠᠶ ᠪᠠ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠵᠢᠯᠲᠠᠨ ᠬᠠᠷᠢᠶᠠᠲᠤ ᠣᠷᠣᠨ ᠤ ᠬᠥᠮᠦᠨ ᠬᠠᠷ᠎ᠠ ᠨᠢᠭᠲᠠᠷᠠᠭᠰᠠᠨ ᠭᠤᠤᠯᠳᠠᠯᠭ᠎ᠠ ᠲᠠᠢ ᠲᠠᠯᠠᠪᠤᠷ ᠲᠤ ᠵᠠᠷᠯᠠᠯ ᠨᠠᠭᠠᠵᠤ᠂ ᠬᠥᠨᠳᠡᠯᠡᠨ ᠪᠢᠴᠢᠭᠡᠰᠦ ᠡᠯᠭᠦᠨ᠂ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠡᠷᠡᠭᠦᠯ ᠰᠠᠷᠠᠭᠤᠯ ᠠᠮᠢᠳᠤᠷᠠᠯ ᠤᠨ ᠣᠨᠣᠯᠵᠢᠬᠤᠨ ᠢ ᠰᠠᠨᠠᠭᠠᠴᠢᠯᠠᠪᠠ᠃ ᠰᠦᠯᠵᠢᠶᠡᠨ ᠳᠡᠭᠡᠷ᠎ᠡ᠂ ᠡᠯ᠎ᠡ ᠬᠤᠪᠢᠶᠠᠷᠢ ᠲᠠᠯᠠᠪᠡᠢ ᠸᠢᠴᠠᠲ ᠶᠢᠨ ᠴᠤᠭᠯᠠᠷᠠᠯ ᠢᠶᠠᠷ ᠳᠠᠮᠵᠢᠨ ︽ᠬᠤᠯᠤᠭᠠᠨ᠎ᠠ ᠬᠢᠵᠢᠭ ᠶᠢ ᠰᠡᠷᠭᠡᠶᠢᠯᠡᠨ ᠲᠦᠭᠡᠮᠡᠯᠵᠢᠭᠦᠯᠬᠦ ᠮᠡᠳᠡᠯᠭᠡ︾᠂ ︽ᠡᠷᠡᠭᠦᠯ ᠬᠠᠮᠠᠭᠠᠯᠠᠯ ᠤᠨ ᠶᠡᠷᠦ ᠶᠢᠨ ᠮᠡᠳᠡᠯᠭᠡ︾ ᠵᠡᠷᠭᠡ ᠤᠯᠠᠨ ᠨᠡᠶᠢᠲᠡ ᠶᠢᠨ ᠳ᠋ᠤᠭᠠᠷ ᠢ ᠬᠦᠷᠭᠡᠵᠦ᠂ ᠤᠯᠠᠨ ᠲᠦᠮᠡᠨ ᠢ ᠬᠤᠪᠢ ᠬᠥᠮᠦᠨ ᠤ ᠡᠷᠡᠭᠦᠯ ᠬᠠᠮᠠᠭᠠᠯᠠᠯ᠂ ᠭᠡᠷ ᠪᠦᠯᠢ ᠶᠢᠨ ᠠᠷᠢᠭᠤᠨ ᠴᠡᠪᠡᠷ᠂ ᠤᠯᠠᠨ ᠨᠡᠶᠢᠲᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠢᠳᠡᠪᠬᠢᠲᠡᠢ ᠣᠷᠣᠯᠴᠠᠬᠤ ᠶᠢ ᠤᠷᠢᠶᠠᠯᠠᠪᠠ᠃     ᠮᠠᠯᠵᠢᠯ ᠤᠨ ᠲᠠᠯᠠᠪᠠᠶ ᠠᠵᠢᠯᠲᠠᠳ ᠢ ᠵᠣᠬᠢᠶᠠᠨ ᠪᠠᠶᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠭᠤᠤᠯ ᠵᠠᠮ᠂ ᠵᠡᠭᠡᠯᠢ ᠭᠤᠳᠤᠮᠵᠢ᠂ 207 ᠤᠯᠤᠰ ᠤᠨ ᠵᠠᠮ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠦᠷᠨᠢᠭᠦᠯᠪᠡ᠃ ᠠᠵᠢᠯᠯᠠᠭ᠎ᠠ ᠶᠢᠨ ᠳᠤᠮᠳᠠ᠂ 30 ᠭᠠᠷᠤᠶ ᠬᠥᠮᠦᠨ ᠢ ᠵᠣᠬᠢᠶᠠᠨ ᠪᠠᠶᠢᠭᠤᠯᠵᠤ᠂ 10 ᠭᠠᠷᠤᠶ ᠲᠣᠨ ᠬᠤᠭ ᠨᠣᠪᠰᠢ ᠶᠢ ᠴᠡᠪᠡᠷᠯᠡᠨ ᠠᠷᠢᠯᠭᠠᠵᠤ᠂ ᠬᠤᠭ ᠨᠣᠪᠰᠢ ᠪᠤᠯᠠᠬᠤ ᠲᠠᠯᠠᠪᠤᠷ ᠲᠤ ᠨᠢᠭᠡᠳᠦᠯᠲᠡᠶ ᠵᠥᠭᠡᠭᠡᠪᠦᠷᠢᠯᠡᠨ ᠬᠦᠷᠭᠡᠵᠦ ᠵᠢᠷᠤᠮᠵᠢᠭᠤᠯᠤᠨ ᠰᠢᠢᠳᠪᠦᠷᠢᠯᠡᠪᠡ᠃ ᠪᠥᠬᠦ ᠠᠷᠠᠳ ᠢᠶᠠᠷ ᠢᠶᠠᠨ ᠣᠷᠣᠯᠴᠠᠭᠰᠠᠨ ︽ᠬᠥᠮᠦᠨ ᠪᠦᠬᠦᠨ ᠭᠠᠷ ᠬᠥᠳᠡᠯᠬᠦ︾ ᠵᠠᠭᠪᠤᠷ ᠢᠶᠠᠷ ᠬᠠᠷᠢᠶᠠᠲᠤ ᠣᠷᠣᠨ ᠤ ᠣᠷᠴᠢᠨ ᠲᠣᠭᠤᠷᠢᠨ ᠤ ᠳᠦᠷᠰᠦ ᠪᠠᠶᠢᠳᠠᠯ ᠢ ᠪᠥᠬᠦ ᠣᠷᠣᠨ ᠪᠦᠰᠡ ᠪᠠᠷ ᠨᠢ ᠰᠢᠨᠡᠳᠬᠡᠬᠦ ᠶᠢ ᠠᠬᠢᠭᠤᠯᠪᠠ᠃      ᠲᠠᠷᠠᠭᠠᠴᠢ ᠶᠢᠨ ᠠᠯᠬᠤᠮ ᠳᠤ᠂ ᠮᠣᠳᠣᠨ ᠮᠠᠯᠵᠢᠯ ᠤᠨ ᠲᠠᠯᠠᠪᠠᠶ ᠨᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠪᠠᠷ ᠠᠵᠠ ᠲᠣᠬᠢᠶᠠᠯ ᠪᠣᠯᠭᠠᠵᠤ᠂ ᠡᠷᠡᠭᠦᠯ ᠡᠩᠬᠡ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠪᠠᠶᠢᠩᠭᠤ ᠥᠷᠨᠢᠭᠦᠯᠵᠦ᠂ ︽ᠪᠠᠭ᠎ᠠ ᠣᠷᠴᠢᠨ ᠲᠣᠭᠤᠷᠢᠨ︾ ᠢᠶᠠᠷ ︽ᠶᠡᠭᠡ ᠡᠷᠡᠭᠦᠯ ᠮᠡᠨᠳᠦ︾ ᠶᠢ ᠰᠠᠬᠢᠨ ᠬᠠᠮᠠᠭᠠᠯᠠᠵᠤ᠂ ᠠᠷᠠᠳ ᠣᠯᠠᠨ ᠳᠤ ᠴᠡᠪᠡᠷ ᠲᠣᠬᠢᠯᠢᠭ᠂ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠣᠷᠴᠢᠨ ᠲᠣᠭᠤᠷᠢᠨ ᠢ ᠪᠠᠶᠢᠭᠤᠯᠵᠤ ᠥᠭᠭᠦᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠤᠲᠠᠯ ᠤᠨ ᠮᠤᠩᠭᠤᠯ ᠰᠥᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号