ᠨᠢᠭᠡᠳᠦᠭᠡᠷ ᠤᠯᠠᠷᠢᠯ ᠳᠤ ᠪᠥᠬᠦ ᠣᠷᠣᠨ ᠤ ᠮᠡᠷᠭᠡᠵᠢᠯ ᠤᠨ ᠭᠡᠷ᠎ᠡ ᠶᠢᠨ ᠳᠠᠩᠰᠠᠯᠠᠯᠲᠠ ︽ᠰᠠᠶᠢᠨ ᠡᠬᠢᠯᠡᠯᠲᠡ︾ ᠶᠢ | ᠪᠡᠶᠡᠯᠡᠭᠦᠯᠪᠡ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠳᠤ ᠡᠯ᠎ᠡ ᠲᠥᠷᠥᠯ ᠤᠨ ᠮᠡᠷᠭᠡᠵᠢᠯ ᠤᠨ ᠭᠡᠷ᠎ᠡ ᠶᠢ ᠨᠡᠶᠢᠲᠡ | 675 ᠵᠦᠢᠯ ᠬᠢᠨᠠᠨ ᠲᠣᠭᠲᠠᠭᠠᠨ ᠳᠡᠩᠰᠡᠯᠡᠵᠦ᠂ ᠮᠡᠷᠭᠡᠵᠢᠯ ᠤᠨ ᠭᠡᠷ᠎ᠡ ᠶᠢᠨ ᠠᠷᠠᠯᠵᠢᠭᠰᠠᠨ ᠲᠤᠭ᠎ᠠ 11.67 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 113.61% ᠪᠠ | 110.16% ᠪᠠᠷ ᠨᠡᠮᠡᠭᠳᠡᠪᠡ᠃ ᠳᠠᠩᠰᠠᠯᠠᠭᠤᠯᠤᠭᠰᠠᠨ ᠬᠤᠲᠠ ᠠᠴᠠ ᠠᠪᠴᠤ ᠦᠵᠡᠪᠡᠯ᠂ ᠮᠡᠷᠭᠡᠵᠢᠯ ᠤᠨ ᠠᠷᠠᠯᠵᠢᠶ᠎ᠠ | ᠨᠡᠯᠢᠶᠡᠳ ᠬᠥᠭᠵᠢᠶᠡᠨᠲᠡᠢ ᠪᠠᠶᠢᠭ᠎ᠠ ᠭᠠᠵᠠᠷ ᠣᠷᠣᠨ ᠪᠣᠯ ᠬᠥᠬᠡᠬᠤᠲᠠ᠂ ᠪᠤᠭᠤᠲᠤ ᠪᠠ ᠣᠷᠳᠣᠰ ᠪᠠᠶᠢᠵᠤ᠂ ᠭᠤᠷᠪᠠᠨ | ᠭᠠᠵᠠᠷ ᠤᠨ ᠨᠡᠶᠢᠲᠡ ᠳᠠᠩᠰᠠᠯᠠᠭᠰᠠᠨ ᠲᠤᠭ᠎ᠠ᠂ ᠵᠣᠭᠤᠰ ᠤᠨ ᠲᠤᠭ᠎ᠠ ᠨᠢ ᠲᠤᠰ ᠲᠤᠰ ᠪᠦᠬᠦ ᠣᠷᠣᠨ ᠤ ᠳᠠᠩᠰᠠᠯᠠᠭᠰᠠᠨ | ᠶᠡᠷᠦᠩᠬᠡᠢ ᠲᠣᠭᠠᠨ ᠤ 64.59% ᠪᠠ 63.92% ᠢ ᠡᠵᠡᠯᠡᠵᠦ ᠪᠤᠶ᠃ ᠭᠡᠷ᠎ᠡ ᠶᠢᠨ ᠲᠥᠷᠥᠯ ᠠᠴᠠ ᠠᠪᠴᠤ | ᠦᠵᠡᠪᠡᠯ᠂ ᠮᠡᠷᠭᠡᠵᠢᠯ ᠤᠨ ᠨᠡᠭᠡᠭᠡᠯᠲᠡ ᠪᠠ ᠮᠡᠷᠭᠡᠵᠢᠯ ᠤᠨ ᠦᠢᠯᠡᠴᠢᠯᠡᠭᠡ ᠪᠠᠷ ᠭᠤᠣᠯ ᠪᠣᠯᠭᠠᠵᠤ᠂ ᠶᠡᠷᠦᠩᠬᠡᠢ ᠲᠣᠭᠠᠨ ᠤ | 87.54% ᠶᠢ ᠡᠵᠡᠯᠡᠪᠡ᠃ ᠳᠠᠩᠰᠠᠯᠠᠭᠤᠯᠤᠭᠰᠠᠨ ᠮᠡᠷᠭᠡᠵᠢᠯ ᠤᠨ ᠭᠡᠷ᠎ᠡ ᠳᠤ ᠬᠠᠷᠢᠶᠠᠯᠠᠭᠳᠠᠬᠤ ᠮᠡᠷᠭᠡᠵᠢᠯ ᠤᠨ | ᠬᠦᠷᠢᠶ᠎ᠡ ᠳᠤ ᠭᠤᠣᠯᠳᠠᠭᠤ ᠡᠯᠧᠺᠲᠷᠣᠨ ᠮᠡᠳᠡᠭᠡ ᠵᠠᠩᠭᠢ ᠶᠢᠨ᠂ ᠲᠠᠷᠢᠶᠠᠯᠠᠩ ᠤᠨ ᠬᠦᠷᠢᠶ᠎ᠡ ᠪᠠ ᠣᠷᠴᠢᠨ ᠲᠣᠭᠤᠷᠢᠨ ᠤ | ᠬᠠᠮᠠᠭᠠᠯᠠᠯᠲᠠ ᠬᠢᠭᠡᠳ ᠡᠬᠢ ᠪᠠᠶᠠᠯᠢᠭ ᠤᠨ ᠠᠰᠢᠭᠯᠠᠯᠲᠠ ᠶᠢᠨ ᠬᠦᠷᠢᠶᠡᠨ ᠳᠤ ᠲᠥᠪᠯᠡᠷᠡᠵᠦ᠂ ᠭᠤᠷᠪᠠᠨ ᠶᠡᠭᠡ | ᠬᠦᠷᠢᠶᠡᠨ ᠤ ᠭᠡᠷ᠎ᠡ ᠶᠢᠨ ᠲᠤᠭ᠎ᠠ ᠨᠢ ᠪᠦᠬᠦ ᠣᠷᠣᠨ ᠤ 57.48% ᠶᠢ ᠡᠵᠡᠯᠡᠪᠡ᠃ ᠳᠠᠩᠰᠠᠯᠠᠭᠤᠯᠤᠭᠰᠠᠨ ᠭᠤᠣᠯ | ᠴᠣᠭᠴᠠ ᠠᠴᠠ ᠠᠪᠴᠤ ᠦᠵᠡᠪᠡᠯ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠲᠤᠭ᠎ᠠ ᠬᠢᠭᠡᠳ ᠵᠣᠭᠤᠰ ᠤᠨ | ᠲᠤᠭ᠎ᠠ ᠨᠢ ᠲᠤᠰ ᠲᠤᠰ ᠪᠦᠬᠦ ᠣᠷᠣᠨ ᠤ 54.07% ᠪᠠ 58.53% ᠶᠢ ᠡᠵᠡᠯᠡᠵᠦ︔ ᠶᠡᠭᠡ ᠳᠡᠭᠡᠳᠦ | ᠰᠤᠷᠭᠠᠭᠤᠯᠢ ᠨᠤᠭᠤᠳ ᠤᠨ ᠳᠠᠩᠰᠠᠯᠠᠭᠤᠯᠤᠭᠰᠠᠨ ᠲᠤᠭ᠎ᠠ ᠬᠢᠭᠡᠳ ᠵᠣᠭᠤᠰ ᠤᠨ ᠲᠤᠭ᠎ᠠ ᠨᠢ ᠴᠥᠮ ᠳᠠᠬᠢᠨ ᠢᠶᠠᠷ | ᠨᠡᠮᠡᠭᠳᠡᠬᠦ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠭᠠᠷᠭᠠᠬᠤ ᠪᠠ | ᠤᠯᠠᠷᠢᠭᠤᠯᠬᠤ ᠶᠢᠨ ᠲᠠᠯ᠎ᠠ ᠪᠠᠷ ᠬᠢ ᠨᠡᠮᠡᠭᠳᠡᠯ ᠤᠨ ᠬᠠᠨᠳᠤᠰᠢ ᠬᠦᠴᠦᠲᠡᠢ ᠪᠠᠶᠢᠨ᠎ᠠ᠃ | ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ |