ᠮᠠᠨ ᠤ ᠣᠷᠣᠨ ᠤ ᠬᠢᠯᠢ ᠬᠢᠵᠠᠭᠠᠷ ᠲᠤ ᠪᠠᠶᠢᠷᠢᠰᠢᠭ᠎ᠠ 131 ᠠᠶᠢᠯ ᠲᠤᠰᠬᠤᠨ ᠳᠤ ᠴᠥᠮ ᠰᠢᠤᠳᠠᠨ ᠤ | ᠱᠤᠭᠤᠮ ᠢ ᠨᠡᠪᠲᠡᠷᠡᠭᠦᠯᠪᠡ᠃ ᠬᠢᠯᠢ ᠬᠢᠵᠠᠭᠠᠷ ᠣᠷᠣᠨ ᠳᠠᠬᠢ ᠣᠯᠠᠨ ᠲᠦᠮᠡᠨ ᠤ ᠰᠢᠤᠳᠠᠨ ᠤ ᠬᠡᠷᠡᠭᠴᠡᠭᠡ ᠶᠢ ᠨᠠᠩ | ᠰᠠᠶᠢᠲᠤᠷ ᠬᠠᠩᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠤᠪᠢᠶᠠᠷᠢ ᠺᠣᠮᠫᠠᠨᠢ ᠠᠴᠠ ᠬᠢᠯᠢ | ᠬᠢᠵᠠᠭᠠᠷ ᠲᠡᠯᠡᠶ ᠲᠠᠩᠭᠢᠰ ᠤᠨ ᠬᠠᠮᠠᠭᠠᠯᠠᠯᠲᠠ ᠶᠢᠨ ᠣᠷᠣᠨ ᠳᠠᠬᠢ ᠰᠢᠤᠳᠠᠨ ᠤ ᠱᠤᠭᠤᠮ ᠢ ᠨᠡᠪᠲᠡᠷᠡᠭᠦᠯᠬᠦ ᠠᠵᠢᠯ ᠢᠶᠠᠨ | ᠦᠷᠭᠦᠯᠵᠢᠯᠡᠨ ᠰᠠᠶᠢᠲᠤᠷ ᠬᠢᠵᠦ᠂ 2021 ᠣᠨ ᠳᠤ ᠬᠢᠯᠢ ᠬᠢᠵᠠᠭᠠᠷ ᠲᠡᠯᠡᠶ ᠲᠠᠩᠭᠢᠰ ᠤᠨ ᠬᠠᠮᠠᠭᠠᠯᠠᠯᠲᠠ ᠶᠢᠨ | ᠣᠷᠣᠨ ᠳᠤ ᠰᠢᠤᠳᠠᠨ ᠤ ᠱᠤᠭᠤᠮ ᠢ 17 ᠵᠤᠷᠪᠤᠰ ᠨᠡᠪᠲᠡᠷᠡᠭᠦᠯᠪᠡ᠂ 2022 ᠣᠨ ᠳᠤ ᠰᠢᠯᠢ ᠶᠢᠨ ᠭᠤᠣᠯ ᠠᠶᠢᠮᠠᠭ᠂ | ᠬᠢᠩᠭᠠᠨ ᠠᠶᠢᠮᠠᠭ ᠤᠨ ᠬᠢᠯᠢ ᠬᠢᠵᠠᠭᠠᠷ ᠲᠡᠯᠡᠶ ᠲᠠᠩᠭᠢᠰ ᠤᠨ ᠬᠠᠮᠠᠭᠠᠯᠠᠯᠲᠠ ᠶᠢᠨ ᠣᠷᠣᠨ ᠳᠤ ᠰᠢᠤᠳᠠᠨ ᠤ ᠱᠤᠭᠤᠮ ᠢ | ᠨᠡᠪᠲᠡᠷᠡᠭᠦᠯᠪᠡ᠂ 2024 ᠣᠨ ᠳᠤ ᠬᠢᠯᠢ ᠬᠢᠵᠠᠭᠠᠷ ᠲᠡᠯᠡᠶ ᠲᠠᠩᠭᠢᠰ ᠤᠨ ᠬᠠᠮᠠᠭᠠᠯᠠᠯᠲᠠ ᠶᠢᠨ 71 ᠴᠡᠭ ᠪᠠᠶᠢᠷᠢ ᠳᠤ | ᠰᠢᠤᠳᠠᠨ ᠤ ᠱᠤᠭᠤᠮ ᠨᠡᠪᠲᠡᠷᠡᠭᠦᠯᠪᠡ᠂ ᠪᠥᠬᠦ ᠵᠢᠯ ᠳᠠᠬᠢ ᠬᠦᠷᠭᠡᠯᠲᠡ ᠶᠢᠨ ᠵᠠᠢ ᠨᠢ 396.7 ᠲᠦᠮᠡᠨ ᠺᠢᠯᠣᠮᠧᠲᠷ ᠲᠤ | ᠬᠦᠷᠴᠦ᠂ ᠬᠢᠯᠢ ᠶᠢᠨ ᠪᠠᠶᠢᠭᠤᠯᠤᠮᠵᠢᠲᠤ ᠲᠣᠰᠬᠤᠨ ᠪᠠ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠳᠤ ᠰᠣᠨᠢᠨ | ᠰᠡᠳᠬᠦᠯ᠂ ᠭᠤᠪᠢᠭᠤᠯᠭ᠎ᠠ᠂ ᠵᠠᠬᠢᠳᠠᠯ ᠬᠦᠷᠭᠡᠭᠰᠡᠨ ᠶᠡᠷᠦᠩᠬᠡᠢ ᠲᠤᠭ᠎ᠠ ᠵᠠᠭᠤᠨ ᠲᠦᠮᠡ ᠶᠢ ᠳᠠᠪᠠᠭᠰᠠᠨ ᠪᠠᠶᠢᠨ᠎ᠠ᠃ ᠡᠨᠡ | ᠵᠢᠯ ᠤᠨ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠣᠷᠣᠨ ᠤ ᠬᠢᠯᠢ ᠬᠢᠵᠠᠭᠠᠷ ᠲᠤ ᠪᠠᠶᠢᠷᠢᠰᠢᠭ᠎ᠠ 131 | ᠠᠶᠢᠯ ᠲᠣᠰᠬᠤᠨ ᠳᠤ ᠰᠢᠤᠳᠠᠨ ᠢᠶᠠᠷ ᠨᠡᠶᠢᠳᠡᠮ ᠳᠤ ᠨᠢ ᠦᠢᠯᠡᠴᠢᠯᠡᠬᠦ ᠶᠢ ᠪᠦᠬᠦᠨ ᠢ ᠪᠦᠷᠬᠦᠭᠦᠯᠵᠦ᠂ ᠬᠢᠯᠢ ᠶᠢᠨ | ᠪᠠᠶᠢᠭᠤᠯᠤᠮᠵᠢᠲᠤ ᠲᠣᠰᠬᠤᠨ ᠪᠠ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠳᠤ ᠦᠢᠯᠡᠴᠢᠯᠡᠬᠦ ᠰᠢᠤᠳᠠᠨ ᠤ | ᠵᠦᠢᠯ ᠢ ᠪᠦᠬᠦᠨ ᠢ ︽ᠲᠦᠷᠭᠡᠨ ᠬᠦᠷᠭᠡᠯᠲᠡ ᠪᠠᠷ ᠲᠣᠰᠬᠤᠨ ᠳᠤ ᠨᠡᠪᠲᠡᠷᠡᠭᠦᠯᠬᠦ︾ ᠶᠢ ᠪᠡᠶᠡᠯᠡᠭᠦᠯᠪᠡ᠃ | ︵ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ︶ |