ᠣᠶᠢᠷ᠎ᠠ ᠳᠤ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ | ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ᠂ ᠢᠳᠡᠭᠡᠨ ᠪᠠ ᠡᠮ ᠤᠨ ᠵᠦᠢᠯᠡᠰ ᠤᠨ ᠠᠮᠤᠷ | ᠲᠦᠪᠰᠢᠨ ᠤ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠢ ᠲᠥᠯᠥᠪᠵᠢᠭᠦᠯᠬᠦ ᠳᠤ ᠨᠠᠮ ᠪᠣᠯᠣᠨ | ᠤᠯᠤᠰ ᠤᠨ ᠬᠡᠷᠡᠭᠴᠡᠭᠡ᠂ ᠥᠪᠥᠷ ᠮᠣᠩᠭᠤᠯ ᠤᠨ ᠴᠢᠳᠠᠪᠤᠷᠢ ᠶᠢᠨ ᠲᠣᠭᠤᠷᠢᠨ ᠳᠤ᠂ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ | ᠤᠶᠠᠯᠳᠤᠭᠤᠯᠵᠤ᠂ ᠤᠯᠤᠰ ᠤᠨ ᠶᠠᠮᠤᠨ ᠵᠥᠪᠯᠡᠯ᠂ ᠠᠯᠢ ᠣᠯᠠᠨ ᠬᠦᠷᠢᠶᠡᠨ ᠳᠤ ᠬᠥᠭᠵᠢᠯᠲᠡ ᠶᠢᠨ ᠬᠠᠷᠠᠯᠲᠠ | ᠡᠭᠦᠷᠭᠡ ᠶᠢ ᠨᠢᠭᠡᠳ ᠨᠢᠭᠡ ᠪᠠᠷ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ᠃ ᠵᠣᠬᠢᠶᠠᠮᠠᠯ ᠣᠶᠤᠨ | ᠴᠢᠳᠠᠪᠤᠷᠢ ᠶᠢᠨ ᠲᠠᠯ᠎ᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠶᠢ | ᠲᠦᠷᠭᠡᠳᠬᠡᠵᠦ᠂ ᠬᠡᠯᠬᠢᠶᠡᠵᠢᠭᠰᠡᠨ ᠰᠡᠳᠬᠢᠬᠦᠢ ᠪᠠᠷ ᠵᠣᠬᠢᠶᠠᠮᠠᠯ ᠣᠶᠤᠨ ᠴᠢᠳᠠᠪᠤᠷᠢ ᠶᠢᠨ ᠠᠵᠤ ᠦᠢᠯᠡᠰ ᠢ ᠴᠣᠭᠴᠠᠯᠠᠵᠤ᠂ | ᠤᠯᠠᠮᠵᠢᠯᠠᠯᠲᠤ ᠠᠵᠤ ᠦᠢᠯᠡᠰ ᠤᠨ ᠣᠶᠤᠨᠴᠢᠯᠠᠭᠰᠠᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ | ᠠᠶᠤᠯᠭᠦᠢ ᠦᠢᠯᠡᠳᠪᠦᠷᠢᠯᠡᠯ ᠤᠨ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢ ᠪᠠᠷᠢᠮᠲᠠᠯᠠᠨ᠂ ᠠᠰᠠᠭᠤᠳᠠᠯ ᠭᠡᠮ | ᠰᠣᠭᠤᠭ ᠢ ᠪᠦᠭᠦ ᠶᠠᠪᠤᠴᠠ ᠪᠠᠷ ᠨᠢ ᠪᠢᠲᠡᠭᠦᠮᠵᠢᠯᠡᠨ ᠴᠡᠭᠴᠡᠯᠡᠨ ᠵᠠᠰᠠᠵᠤ᠂ ᠬᠥᠮᠥᠨ ᠬᠠᠷ᠎ᠠ ᠣᠯᠠᠨ ᠴᠤᠭᠯᠠᠷᠠᠬᠤ ᠭᠠᠵᠠᠷ | ᠲᠠᠯᠠᠪᠤᠷ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠠᠳᠬᠤᠵᠤ᠂ ᠣᠳᠣᠬᠠᠨ ᠤ ᠲᠣᠭᠲᠠᠭᠤᠨ ᠪᠠᠶᠢᠳᠠᠯ ᠢ ᠪᠦᠭᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠱᠠᠯᠠᠪᠳᠠᠭᠤᠯᠤᠨ ᠪᠠᠶᠢᠴᠠᠭᠠᠵᠤ ᠵᠢᠭᠠᠵᠤ | ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠵᠤ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ | ᠵᠢᠱᠢᠯᠲᠡ ᠶᠢ ᠲᠣᠭᠲᠠᠪᠤᠷᠢᠵᠢᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠪᠣᠯᠣᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠠᠷᠠᠳ ᠤᠨ | ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠨᠡᠩ ᠰᠠᠶᠢᠲᠤᠷ | ᠬᠥᠭᠵᠢᠬᠦ ᠳᠤ ᠬᠠᠪᠰᠤᠷᠬᠤ ᠬᠡᠷᠡᠭᠲᠡᠢ᠃ ᠬᠢᠯᠢ ᠬᠢᠵᠠᠭᠠᠷ ᠢ ᠲᠣᠭᠲᠠᠪᠤᠷᠢᠵᠢᠭᠤᠯᠬᠤ ᠬᠢᠯᠢ ᠬᠢᠵᠠᠭᠠᠷ ᠢ ᠪᠠᠬᠢᠵᠢᠭᠦᠯᠬᠦ | ᠬᠢᠯᠢ ᠬᠢᠵᠠᠭᠠᠷ ᠢ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠬᠢᠯᠢ ᠬᠢᠵᠠᠭᠠᠷ ᠣᠷᠣᠨ ᠤ ᠠᠷᠠᠳ ᠤᠨ ᠠᠮᠢᠳᠤᠷᠠᠯ ᠤᠨ | ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠰᠤᠳᠤᠯᠵᠤ᠂ ᠭᠦᠭᠡᠬᠤᠲᠠ ᠪᠤᠭᠤᠲᠤ ᠣᠷᠳᠣᠰ | ᠤᠯᠠᠭᠠᠨᠴᠠᠪ ᠤᠨ ᠬᠢᠨ ᠨᠢᠭᠡ ᠴᠣᠭᠴᠠᠵᠢᠭᠤᠯᠤᠭᠰᠠᠨ ᠦᠷ᠎ᠡ ᠪᠦᠲᠦᠮᠵᠢ ᠪᠠᠨ ᠥᠷᠭᠡᠳᠬᠡᠵᠦ᠂ ᠰᠠᠭᠤᠷᠢ | ᠲᠥᠬᠦᠭᠡᠷᠦᠮᠵᠢ ᠶᠢ ᠲᠦᠷᠭᠡᠨ ᠨᠡᠪᠲᠡᠷᠡᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠥᠭᠦᠮ ᠳᠥᠲᠡ ᠪᠤᠯᠭᠠᠬᠤ᠂ | ᠠᠵᠤ ᠦᠢᠯᠡᠰ ᠢ ᠬᠥᠭᠵᠢᠭᠦᠯᠬᠦ ᠳᠤ ᠬᠠᠮᠵᠢᠯᠴᠠᠨ ᠪᠦᠲᠦᠮᠵᠢᠲᠡᠶ ᠪᠠᠶᠢᠬᠤ ᠶᠢ ᠠᠬᠢᠭᠤᠯᠬᠤ ᠬᠡᠷᠡᠭᠲᠡᠢ᠃ ᠵᠡᠭᠦᠨ | ᠬᠡᠰᠡᠭ ᠤᠨ ᠠᠶᠢᠮᠠᠭ ᠬᠤᠲᠠ ᠨᠤᠭᠤᠳ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠬᠥᠭᠵᠢᠭᠦᠯᠦᠨ ᠮᠠᠨᠳᠤᠭᠤᠯᠬᠤ | ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠡᠨᠧᠷᠭᠢ᠂ ᠮᠠᠯ ᠠᠵᠤ ᠠᠬᠤᠢ ᠲᠠᠷᠢᠶᠠᠯᠠᠩ ᠵᠡᠷᠭᠡ ᠬᠦᠷᠢᠶᠡᠨ ᠳᠠᠬᠢ | ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ︽ᠲᠦᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠪᠠᠷ ᠪᠠᠷᠢᠮᠵᠢᠶᠠᠯᠠᠵᠤ᠂ ᠰᠤᠷᠭᠠᠭᠤᠯᠢ ᠶᠢᠨ ᠬᠦᠷᠢᠶᠡᠨ ᠤ | ᠢᠳᠡᠭᠡᠨ ᠤ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠪᠠᠲᠤ ᠴᠢᠩᠭ᠎ᠠ ᠠᠩᠬᠠᠷᠴᠤ᠂ ᠬᠤᠷᠢᠭ᠎ᠠ | ᠱᠤᠭᠤᠮ ᠢ ᠲᠣᠳᠣᠷᠬᠠᠢ ᠢᠯᠭᠠᠵᠤ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠ ᠶᠢᠨ ᠬᠠᠮᠢᠶᠠᠷᠤᠯᠲᠠ᠂ ᠠᠮᠢ ᠠᠬᠤᠢ ᠣᠷᠴᠢᠨ | ᠲᠣᠭᠤᠷᠢᠨ ᠢ ᠬᠤᠬᠢᠷᠠᠭᠤᠯᠤᠭᠰᠠᠨ ᠲᠥᠯᠥᠪᠦᠷᠢ᠂ ᠴᠠᠭᠢᠯᠭᠠᠨ ᠬᠦᠴᠦᠨ ᠤ ᠠᠷᠠᠯᠵᠢᠶᠠᠨ ᠤ ᠲᠥᠷᠥ ᠶᠢᠨ ᠪᠣᠳᠣᠯᠭ᠎ᠠ ᠶᠢᠨ | ᠥᠭᠡᠷᠡᠴᠢᠯᠡᠯᠲᠡ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠳᠠᠭᠢᠨ ᠵᠣᠬᠢᠶᠠᠨ | ᠪᠠᠶᠢᠭᠤᠯᠬᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠢᠯᠭᠠᠷᠠᠭᠤᠯᠤᠨ | ᠵᠢᠷᠤᠮᠵᠢᠭᠤᠯᠬᠤ ᠠᠵᠢᠯ ᠵᠢᠴᠢ ᠣᠷᠣᠨ ᠨᠤᠲᠤᠭ ᠤᠨ ᠴᠢᠨᠠᠷᠲᠠᠢ 10 ᠬᠤᠪᠢ ᠬᠠᠤᠯᠢ ᠲᠣᠭᠲᠠᠭᠠᠯ ᠢ ᠲᠣᠭᠲᠠᠭᠠᠵᠤ | ᠵᠠᠰᠠᠪᠤᠷᠢ ᠣᠷᠣᠭᠤᠯᠬᠤ ᠶᠠᠪᠤᠳᠠᠯ ᠢ ᠰᠤᠳᠤᠯᠪᠠ᠃ |