ᠰᠤᠷᠪᠤᠯᠵᠢᠯᠠᠬᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠬᠡᠷᠡᠭᠯᠡᠭᠡᠨ ᠤ ᠵᠦᠢᠯ ᠢ ᠰᠢᠯᠢᠳᠡᠭᠵᠢᠭᠦᠯᠦᠨ ᠲᠣᠬᠢᠷᠠᠭᠤᠯᠬᠤ | ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠰᠣᠨᠢᠨ ᠮᠡᠳᠡᠭᠡ | ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠨᠠᠰᠤᠲᠠᠶᠢᠴᠤᠳ ᠤᠨ ᠠᠮᠢᠳᠤᠷᠠᠬᠤ ᠣᠷᠴᠢᠨ ᠨᠥᠬᠦᠴᠡᠯ ᠢ ᠤᠯᠠᠮ | ᠨᠢᠭᠡ ᠠᠯᠬᠤᠮ ᠰᠠᠶᠢᠵᠢᠷᠠᠭᠤᠯᠬᠤ ᠶᠢᠨ ᠬᠠᠮᠲᠤ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠬᠡᠷᠡᠭᠯᠡᠭᠡ ᠶᠢ | ᠳᠠᠶᠢᠴᠢᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ ᠵᠡᠷᠭᠡ 6 ᠰᠠᠯᠠᠭ᠎ᠠ ᠮᠥᠴᠢᠷ | ᠬᠠᠮᠲᠤᠷᠠᠨ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠤᠨ ᠵᠠᠰᠠᠯ ᠴᠢᠮᠡᠭᠯᠡᠯ | ᠲᠣᠭᠤᠭᠠᠨ ᠭᠡᠷ ᠠᠷᠢᠭᠤᠨ ᠴᠡᠪᠡᠷ ᠤᠨ ᠬᠡᠷᠡᠭᠰᠡᠯ ᠢ ︿ᠰᠢᠨᠡᠳᠬᠡᠨ ᠰᠣᠯᠢᠬᠤ﹀ ᠨᠥᠬᠦᠪᠦᠷᠢ ᠶᠢᠨ ᠬᠡᠷᠡᠭᠵᠢᠭᠦᠯᠬᠦ ᠲᠥᠰᠥᠯ︾ | ᠢ ᠳᠠᠷᠤᠮᠠᠯᠯᠠᠨ ᠲᠠᠷᠬᠠᠭᠠᠪᠠ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠣᠬᠢᠷᠠᠬᠤ ᠭᠡᠷ ᠤᠨ ᠡᠳ᠋ᠯᠡᠯ | ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠳᠡᠮᠵᠢᠬᠦ ᠬᠡᠪᠴᠢᠶᠡᠨ ᠳᠤ | ᠣᠷᠣᠭᠤᠯᠵᠤ᠂ ᠨᠥᠬᠦᠪᠦᠷᠢ ᠶᠢᠨ ᠪᠠᠷᠢᠮᠵᠢᠶ᠎ᠠ᠂ ᠬᠡᠪᠴᠢᠶ᠎ᠡ ᠵᠢᠴᠢ ᠠᠷᠭ᠎ᠠ ᠮᠠᠶ᠋ᠢᠭ ᠢ ᠲᠣᠳᠣᠷᠬᠠᠶᠢᠯᠠᠵᠤ᠂ | ᠨᠠᠰᠤᠲᠠᠶᠢᠴᠤᠳ ᠲᠤ ᠦᠨᠡᠨ ᠪᠣᠳᠠᠲᠠᠢ ᠠᠰᠠᠷᠠᠮᠵᠢ ᠬᠦᠷᠲᠡᠭᠡᠬᠦ ᠪᠠᠷ ᠪᠤᠢ᠃ | 2025 ᠣᠨ ᠤ ᠲᠥᠷᠥ ᠶᠢᠨ ᠪᠣᠳᠣᠯᠭ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠳᠤ ᠪᠠᠶᠢᠩᠭᠤ ᠰᠠᠭᠤᠭ᠎ᠠ | ᠪᠥᠭᠡᠳ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠣᠬᠢᠷᠠᠬᠤ ᠰᠢᠨᠡᠳᠬᠡᠨ ᠰᠣᠯᠢᠬᠤ ᠲᠠᠸᠠᠷ ᠢ | ᠬᠤᠳᠠᠯᠳᠤᠨ ᠠᠪᠬᠤ ᠬᠡᠷᠡᠭᠴᠡᠭᠡ ᠲᠠᠢ ᠪᠦᠬᠦᠯᠢ 60 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠴᠥᠮ | ᠨᠥᠬᠦᠪᠦᠷᠢ ᠬᠦᠷᠲᠡᠵᠦ ᠪᠣᠯᠣᠨ᠎ᠠ᠃ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠣᠬᠢᠷᠠᠬᠤ ᠰᠢᠨᠡᠳᠬᠡᠨ | ᠰᠣᠯᠢᠬᠤ ᠦᠢᠯᠡᠳᠬᠦᠨ ᠢ ᠬᠤᠳᠠᠯᠳᠤᠨ ᠠᠪᠤᠪᠠᠯ ᠪᠣᠳᠠᠲᠠᠢ ᠠᠷᠠᠯᠵᠢᠶᠠᠯᠠᠬᠤ ᠦᠨ᠎ᠡ ᠶᠢᠨ 30 % ᠪᠠᠷ ᠨᠥᠬᠦᠪᠦᠷᠢ | ᠥᠭᠭᠦᠨ᠎ᠡ᠃ ᠥᠪᠥᠷ ᠮᠣᠩᠭᠤᠯ ︽ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠣᠬᠢᠷᠠᠬᠤ ᠰᠢᠨᠡᠳᠬᠡᠨ | ᠰᠣᠯᠢᠬᠤ ᠨᠥᠬᠦᠪᠦᠷᠢ ᠥᠭᠬᠦ ᠦᠢᠯᠡᠳᠬᠦᠨ ᠤ ᠰᠠᠨᠠᠭᠤᠯᠭ᠎ᠠ ᠶᠢᠨ ᠨᠠᠷᠢᠨ ᠬᠠᠭᠤᠳᠠᠰᠤ︾ ᠶᠢ ᠨᠡᠶᠢᠲᠡᠯᠡᠪᠡ᠂ ᠨᠠᠷᠢᠨ | ᠬᠠᠭᠤᠳᠠᠰᠤ ᠳᠤ ᠭᠡᠷ ᠤᠨ ᠭᠠᠵᠠᠷ ᠪᠠ ᠡᠭᠦᠳᠡ ᠪᠠᠨ ᠰᠢᠨᠡᠳᠬᠡᠨ ᠵᠠᠰᠠᠬᠤ᠂ ᠤᠨᠲᠠᠬᠤ ᠥᠷᠥᠭᠡ ᠪᠠᠨ ᠰᠢᠨᠡᠳᠬᠡᠨ | ᠵᠠᠰᠠᠬᠤ᠂ ᠵᠢᠱᠢᠶᠡᠯᠡᠪᠡᠯ ᠵᠣᠷᠯᠣᠩ ᠤᠬᠢᠶᠠᠯᠭ᠎ᠠ ᠶᠢᠨ ᠲᠥᠬᠦᠭᠡᠷᠦᠮᠵᠢ ᠪᠠᠨ ᠰᠢᠨᠡᠳᠬᠡᠨ ᠵᠠᠰᠠᠬᠤ᠂ ᠲᠣᠭᠤᠭᠠᠨ ᠭᠡᠷ ᠤᠨ | ᠲᠥᠬᠦᠭᠡᠷᠦᠮᠵᠢ ᠪᠠᠨ ᠰᠢᠨᠡᠳᠬᠡᠨ ᠵᠠᠰᠠᠬᠤ᠂ ᠹᠢᠽᠢᠺ ᠤᠨ ᠣᠷᠴᠢᠨ ᠲᠣᠭᠤᠷᠢᠨ ᠢᠶᠠᠨ ᠰᠢᠨᠡᠳᠬᠡᠨ ᠵᠠᠰᠠᠬᠤ᠂ ᠣᠶᠤᠨᠴᠢ | ᠲᠤᠰᠠᠯᠠᠬᠤ ᠦᠢᠯᠡᠳᠬᠦᠨ ᠵᠡᠷᠭᠡ ᠵᠢᠷᠭᠤᠭᠠᠨ ᠶᠡᠭᠡ ᠲᠥᠷᠥᠯ ᠤᠨ 25 ᠵᠦᠢᠯ ᠤᠨ ᠲᠠᠸᠠᠷ ᠢ ᠬᠠᠮᠤᠷᠴᠠᠢ᠃ | ᠬᠡᠷᠡᠭᠯᠡᠭᠴᠢᠳ ᠨᠢ ᠳᠤᠮᠳᠠᠳᠤ ᠤᠯᠤᠰ ᠤᠨ ᠪᠠᠩᠬᠢ ᠶᠢᠨ ᠬᠤᠯᠪᠣᠭᠠᠨ ᠤ ︽ᠶᠦᠨ ᠱᠠᠨ ᠹᠦ᠋︾ APP ᠪᠠᠷ ᠳᠡᠮᠵᠢᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠤᠨ ᠵᠠᠰᠠᠯ ᠴᠢᠮᠡᠭᠯᠡᠯ ᠲᠣᠭᠤᠭᠠᠨ ᠭᠡᠷ ᠠᠷᠢᠭᠤᠨ | ᠴᠡᠪᠡᠷ ᠤᠨ ᠬᠡᠷᠡᠭᠰᠡᠯ ᠢ ᠰᠢᠨᠡᠳᠬᠡᠨ ᠰᠣᠯᠢᠬᠤ︾ ᠦᠢᠯᠡᠴᠢᠯᠡᠭᠡᠨ ᠤ ᠲᠠᠪᠴᠠᠩ ᠳᠤ ᠭᠠᠷᠴᠤ᠂ ︽ᠭᠡᠷ ᠲᠡᠭᠡᠨ ᠰᠠᠭᠤᠵᠤ | ᠪᠠᠶᠢᠭ᠎ᠠ ᠨᠠᠰᠤᠲᠠᠶᠢᠴᠤᠳ ᠲᠤ ᠲᠣᠬᠢᠷᠠᠬᠤ ᠰᠢᠨᠡᠳᠬᠡᠨ ᠰᠣᠯᠢᠬᠤ︾ ᠵᠠᠭᠪᠤᠷ ᠲᠤ ᠣᠷᠣᠵᠤ ᠬᠤᠳᠠᠯᠳᠤᠨ ᠠᠪᠬᠤ ᠪᠠᠷ | ᠭᠤᠶᠤᠴᠢᠯᠠᠪᠠᠯ ᠪᠣᠯᠴᠢᠬᠠᠨ᠎ᠠ᠃ | | |