ᠰᠢᠨᠬᠤᠸᠠ ᠬᠤᠷᠢᠶ᠎ᠠ ᠶᠢᠨ ᠵᠧᠩᠵᠧᠦ ᠶᠢᠨ 5 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠾᠧᠨᠠᠨ ᠳᠤ ᠰᠢᠨᠵᠢᠯᠡᠨ | ᠪᠠᠶᠢᠴᠠᠭᠠᠬᠤ ᠳᠠᠭᠠᠨ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠾᠧᠨᠠᠨ ᠮᠤᠵᠢ ᠶᠢᠨ ᠬᠢᠨ ᠨᠠᠮ ᠤᠨ ᠲᠥᠪ ᠬᠤᠷᠢᠶ᠎ᠠ ᠶᠢᠨ | ᠳᠤᠮᠳᠠᠳᠤ ᠣᠷᠣᠨ ᠢ ᠲᠦᠷᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ | ᠴᠢᠨᠠᠷ ᠰᠠᠶᠢᠲᠠᠢ ᠬᠥᠭᠵᠢᠯᠲᠡ ᠵᠡᠷᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠪᠠ ᠬᠥᠳᠡᠭᠡ ᠠᠵᠤ ᠠᠬᠤᠢ ᠶᠢᠨ ᠬᠦᠴᠦᠷᠬᠡᠭ ᠮᠤᠵᠢ ᠶᠢ ᠬᠦᠴᠦᠯᠡᠨ ᠪᠠᠶᠢᠭᠤᠯᠵᠤ᠂ ᠠᠷᠠᠳ ᠤᠨ | ᠠᠮᠢᠳᠤᠷᠠᠯ ᠢ ᠬᠦᠴᠦᠯᠡᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢ ᠬᠦᠴᠦᠯᠡᠨ ᠴᠢᠩᠭᠠᠳᠬᠠᠵᠤ᠂ ᠰᠣᠶᠣᠯ ᠤᠨ ᠴᠡᠴᠡᠭᠯᠡᠯ ᠬᠥᠭᠵᠢᠯ ᠢ ᠬᠦᠴᠦᠯᠡᠨ ᠠᠬᠢᠭᠤᠯᠵᠤ᠂ | ᠴᠢᠨᠠᠷ ᠰᠠᠶᠢᠲᠠᠢ ᠬᠥᠭᠵᠢᠯᠲᠡ ᠪᠠ ᠥᠨᠳᠥᠷ ᠪᠦᠲᠦᠮᠵᠢᠲᠡᠢ ᠵᠠᠰᠠᠯᠲᠠ ᠪᠠᠷ ᠳᠤᠮᠳᠠᠳᠤ ᠣᠷᠣᠨ ᠤ ᠡᠬᠡ ᠭᠠᠵᠠᠷ ᠲᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ | ᠴᠢᠬᠤᠯᠠᠴᠢᠯᠠᠵᠠᠢ᠃ | | | 5 ᠰᠠᠷ᠎ᠠ ᠶᠢᠨ 19 ᠠᠴᠠ 20 ᠤ ᠡᠳᠦᠷ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ ᠰᠢ ᠶᠢᠨ ᠫᠢᠩ | ᠯᠦᠧᠧᠶᠠᠩ ᠤᠨ ᠬᠤᠯᠬᠤᠪᠴᠢ ᠶᠢᠨ ᠪᠦᠯᠦᠭᠯᠡᠯ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠣᠶᠤᠨᠴᠢ ᠦᠢᠯᠡᠳᠪᠦᠷᠢ ᠳᠤ | ᠰᠢᠨᠵᠢᠯᠡᠨ ᠪᠠᠶᠢᠴᠠᠭᠠᠬᠤ ᠳᠠᠭᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠲᠠᠢ ᠬᠠᠮᠲᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | 5 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠯᠢᠦ ᠨᠢᠩ ᠪᠣᠯᠣᠨ ᠮᠤᠵᠢ ᠶᠢᠨ ᠳᠠᠷᠤᠭ᠎ᠠ ᠸᠠᠩ ᠺᠠᠢ ᠶᠢᠨ ᠪᠠᠷ᠎ᠠ ᠪᠤᠯᠣᠯᠭ᠎ᠠ ᠲᠠᠢ ᠪᠠᠷ ᠤᠷᠢᠳ ᠬᠤᠵᠢᠳ ᠯᠦᠧᠧᠶᠠᠩ᠂ | ᠵᠧᠩᠵᠧᠦ ᠳᠤ ᠬᠦᠷᠴᠦ ᠰᠢᠨᠵᠢᠯᠡᠨ ᠪᠠᠶᠢᠴᠠᠭᠠᠪᠠ᠃ | | | | 5 ᠰᠠᠷ᠎ᠠ ᠶᠢᠨ 19 ᠠᠴᠠ 20 ᠤ ᠡᠳᠦᠷ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ ᠰᠢ ᠶᠢᠨ ᠫᠢᠩ | ᠯᠦᠧᠧᠶᠠᠩ ᠤᠨ ᠯᠦᠩᠮᠧᠨ ᠤ ᠴᠢᠯᠠᠭᠤᠨ ᠠᠭᠤᠢ ᠳᠤ ᠰᠢᠨᠵᠢᠯᠡᠨ ᠪᠠᠶᠢᠴᠠᠭᠠᠬᠤ ᠳᠠᠭᠠᠨ ᠵᠢᠭᠤᠯᠴᠢᠯᠠᠬᠰᠡᠳ ᠲᠠᠢ | ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | 19 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠯᠦᠧᠧᠶᠠᠩ ᠤᠨ ᠬᠤᠯᠬᠤᠪᠴᠢ ᠶᠢᠨ ᠪᠦᠯᠦᠭᠯᠡᠯ | ᠬᠤᠪᠢᠴᠠᠭᠠᠳᠤ ᠬᠢᠵᠠᠭᠠᠷᠲᠤ ᠺᠤᠮᠫᠠᠨᠢ ᠳᠤ ᠬᠦᠷᠴᠦ ᠰᠢᠨᠵᠢᠯᠡᠨ ᠪᠠᠶᠢᠴᠠᠭᠠᠪᠠ᠃ ᠲᠤᠰ ᠺᠤᠮᠫᠠᠨᠢ ᠪᠣᠯ ︽ᠠᠩᠬᠠᠳᠤᠭᠠᠷ ᠲᠠᠪᠤᠨ | ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠪᠠᠶᠢᠭᠤᠯᠤᠭᠳᠠᠭᠰᠠᠨ ᠤᠤᠯ ᠤᠨ ᠯᠦᠧᠧᠶᠠᠩ ᠤᠨ ᠬᠤᠯᠬᠤᠪᠴᠢ ᠶᠢᠨ | ᠦᠢᠯᠡᠳᠪᠦᠷᠢ ᠪᠣᠯᠣᠨ᠎ᠠ᠃ ᠣᠶᠤᠨᠴᠢ ᠦᠢᠯᠡᠳᠪᠦᠷᠢ ᠳᠤ᠂ ᠰᠢ ᠶᠢᠨ ᠫᠢᠩ ᠠᠵᠤ ᠠᠬᠤᠶᠢᠯᠠᠯ ᠤᠨ ᠬᠥᠭᠵᠢᠯᠲᠡ ᠶᠢᠨ | ᠶᠠᠪᠤᠴᠠ ᠶᠢ ᠣᠶᠢᠯᠠᠭᠠᠵᠤ᠂ ᠠᠳᠠᠯᠢ ᠪᠤᠰᠤ ᠲᠥᠷᠥᠯ ᠭᠡᠯᠪᠡᠷᠢ ᠶᠢᠨ ᠬᠤᠯᠬᠤᠪᠴᠢ ᠶᠢᠨ ᠦᠢᠯᠡᠳᠬᠦᠨ ᠤ ᠬᠡᠷᠡᠭᠴᠡᠭᠡ ᠪᠣᠯᠣᠨ | ᠴᠢᠳᠠᠮᠵᠢ ᠶᠢᠨ ᠲᠠᠨᠢᠯᠴᠠᠭᠤᠯᠭ᠎ᠠ ᠶᠢ ᠰᠣᠨᠣᠰᠴᠤ᠂ ᠦᠢᠯᠡᠳᠪᠦᠷᠢᠯᠡᠯ ᠤᠨ ᠱᠤᠭᠤᠮ ᠤᠨ ᠳᠡᠷᠭᠡᠳᠡ ᠬᠦᠷᠴᠦ | ᠦᠢᠯᠡᠳᠪᠦᠷᠢᠯᠡᠯ ᠤᠨ ᠶᠠᠪᠤᠴᠠ ᠶᠢ ᠪᠠᠶᠢᠴᠠᠭᠠᠨ ᠦᠵᠡᠪᠡ᠃ ᠲᠡᠷᠡ ᠬᠦᠷᠢᠶᠡᠯᠡᠨ ᠢᠷᠡᠭᠰᠡᠨ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠳᠤ᠂ ᠦᠢᠯᠡᠳᠬᠦ ᠦᠢᠯᠡᠰ ᠪᠣᠯ ᠤᠯᠤᠰ ᠠᠷᠠᠳ ᠤᠨ ᠠᠵᠤ ᠠᠬᠤᠢ ᠶᠢᠨ ᠴᠢᠬᠤᠯᠠ ᠲᠤᠯᠭᠠᠭᠤᠷᠢ ᠮᠥᠨ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠦᠢᠯᠡᠳᠬᠦ ᠦᠢᠯᠡᠰ ᠤᠨ ᠳᠠᠪᠠᠭᠤᠯᠢᠭ | ᠵᠦᠢ ᠵᠣᠬᠢᠰᠲᠠᠢ ᠬᠤᠪᠢ ᠶᠢᠨ ᠵᠢᠩ ᠢ ᠪᠠᠲᠤᠯᠠᠬᠤ ᠬᠡᠷᠡᠭᠲᠡᠢ᠃ ᠤᠳᠤ ᠦᠶ᠎ᠡ ᠶᠢᠨ ᠦᠢᠯᠡᠳᠬᠦ ᠦᠢᠯᠡᠰ ᠨᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠣᠯᠭᠤᠬᠤ ᠠᠴᠠ ᠰᠠᠯᠵᠤ ᠴᠢᠳᠠᠬᠤ ᠦᠭᠡᠢ ᠶᠤᠮ᠂ ᠮᠡᠷᠭᠡᠵᠢᠯ ᠤᠨ ᠪᠣᠭᠤᠮᠲᠠ | ᠰᠢᠪᠲᠤᠯᠤᠯᠲᠠ ᠶᠢ ᠶᠡᠭᠡ ᠪᠠᠷ ᠴᠢᠩᠭᠠᠳᠬᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠢᠶᠠᠷ | ᠵᠠᠮᠨᠠᠬᠤ ᠬᠡᠷᠡᠭᠲᠡᠢ ᠭᠡᠵᠦ ᠬᠡᠯᠡᠪᠡ᠃ ᠲᠡᠷᠡ ᠠᠵᠢᠯᠲᠠᠨ ᠠᠵᠢᠯᠴᠢᠨ ᠢ ᠡᠵᠡᠨ ᠬᠥᠮᠥᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠠᠵᠤ ᠠᠬᠤᠶᠢᠯᠠᠯ ᠢ ᠬᠥᠭᠵᠢᠭᠦᠯᠬᠦ ᠪᠠᠷ ᠴᠢᠷᠮᠠᠶᠢᠨ ᠠᠵᠢᠯᠯᠠᠵᠤ᠂ ᠢᠯᠡᠭᠦᠬᠡᠨ ᠬᠤᠪᠢ ᠨᠡᠮᠡᠷᠢ ᠦᠵᠡᠭᠦᠯᠦᠭᠡᠷᠡᠢ ᠭᠡᠵᠦ | ᠵᠣᠷᠢᠭᠵᠢᠭᠤᠯᠪᠠ᠃ | ᠲᠠᠷᠠᠭ᠎ᠠ ᠨᠢ᠂ ᠰᠢ ᠶᠢᠨ ᠫᠢᠩ ᠵᠡᠭᠦᠨ ᠬᠠᠨ ᠤᠯᠤᠰ ᠤᠨ ᠦᠶ᠎ᠡ ᠳᠤ ᠪᠠᠶᠢᠭᠤᠯᠤᠭᠰᠠᠨ ᠴᠠᠭᠠᠨ ᠮᠣᠷᠢᠨ ᠰᠦᠮ᠎ᠡ ᠳᠤ | ᠬᠦᠷᠴᠦ ᠰᠢᠨᠵᠢᠯᠡᠨ ᠪᠠᠶᠢᠴᠠᠭᠠᠵᠤ᠂ ᠪᠤᠷᠬᠠᠨ ᠱᠠᠰᠢᠨ ᠤ ᠳᠤᠮᠳᠠᠳᠤ ᠤᠯᠤᠰᠴᠢᠯᠠᠭᠰᠠᠨ ᠪᠠ ᠰᠦᠮ᠎ᠡ ᠬᠡᠶᠢᠳ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠠᠭᠠᠨ ᠮᠣᠷᠢᠨ ᠰᠦᠮ᠎ᠡ ᠨᠢ | ᠪᠤᠷᠬᠠᠨ ᠱᠠᠰᠢᠨ ᠤᠯᠠᠮᠵᠢᠯᠠᠭᠳᠠᠨ ᠢᠷᠡᠵᠤ᠂ ᠬᠥᠭᠵᠢᠭᠰᠡᠨ ᠪᠠ ᠲᠠᠰᠤᠷᠠᠯᠲᠠ ᠦᠭᠡᠢ ᠳᠤᠮᠳᠠᠳᠤ ᠤᠯᠤᠰᠴᠢᠯᠠᠭᠰᠠᠨ ᠠᠬᠢᠴᠠ ᠶᠢ | ᠭᠡᠷᠡᠴᠢᠯᠡᠵᠦ ᠪᠤᠢ᠃ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ ᠪᠣᠯ | ᠪᠦᠷᠢᠮᠦᠰᠦᠨ ᠵᠥᠪ ᠭᠡᠳᠡᠭ ᠢ ᠲᠡᠦᠬᠡ ᠭᠡᠷᠡᠴᠢᠯᠡᠪᠡ᠂ ᠱᠠᠰᠢᠨ ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠯᠤᠭ᠎ᠠ ᠠᠭᠤᠰᠤᠯᠴᠠᠭᠤᠯᠵᠤ᠂ ᠨᠡᠶᠢᠭᠡᠮ ᠵᠢᠷᠤᠮᠲᠤ ᠨᠡᠶᠢᠭᠡᠮ ᠯᠦᠭᠡ | ᠵᠣᠬᠢᠴᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | 1500 ᠭᠠᠷᠤᠢ ᠵᠢᠯ ᠤᠨ ᠲᠡᠦᠬᠡ ᠲᠠᠢ ᠯᠦᠩᠮᠧᠨ ᠤ ᠴᠢᠯᠠᠭᠤᠨ ᠠᠭᠤᠢ ᠪᠣᠯ ᠳᠡᠯᠡᠬᠡᠢ ᠶᠢᠨ ᠴᠢᠬᠤᠯᠠ ᠰᠣᠶᠣᠯ ᠤᠨ | ᠥᠪ ᠪᠣᠯᠣᠨ᠎ᠠ᠃ ᠰᠢ ᠶᠢᠨ ᠫᠢᠩ ᠠᠳᠡ ᠢᠷᠡᠵᠤ᠂ ᠴᠢᠯᠠᠭᠤᠨ ᠠᠭᠤᠢ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢᠨ | ᠳᠦᠷᠰᠦ ᠪᠠᠶᠢᠳᠠᠯ ᠪᠣᠯᠣᠨ ᠲᠥᠯᠥᠭᠡᠯᠡᠬᠦ ᠴᠢᠨᠠᠷᠲᠠᠢ ᠠᠭᠤᠢ ᠶᠢᠨ ᠭᠦᠩᠭᠠᠷᠠᠪᠠ᠂ ᠭᠦᠷᠦᠭ ᠵᠢᠷᠤᠭ ᠢ ᠪᠠᠶᠢᠴᠠᠭᠠᠨ ᠦᠵᠡᠵᠦ᠂ | ᠲᠤᠬᠠᠢ ᠶᠢᠨ ᠲᠠᠯᠠᠪᠠᠢ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯᠲᠠᠳ ᠲᠠᠢ ᠳᠣᠲᠣᠨᠣ ᠪᠠᠷ | ᠶᠠᠷᠢᠯᠴᠠᠪᠠ᠃ ᠲᠡᠷᠡ᠂ ᠡᠳᠡᠭᠡᠷ ᠳᠤᠮᠳᠠᠳᠤ ᠶᠢᠨ ᠰᠣᠶᠣᠯ ᠤᠨ ᠦᠨᠡᠲᠦ ᠡᠷᠳᠡᠨᠢ ᠶᠢ ᠰᠠᠶᠢᠲᠤᠷ ᠬᠠᠮᠠᠭᠠᠯᠠᠵᠤ᠂ ᠰᠠᠶᠢᠲᠤᠷ | ᠤᠯᠠᠮᠵᠢᠯᠠᠵᠤ᠂ ᠰᠠᠶᠢᠲᠤᠷ ᠵᠠᠯᠭᠠᠮᠵᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠵᠢᠭᠤᠯᠴᠢᠯᠠᠬᠰᠠᠳ ᠶᠡᠷᠦᠩᠬᠡᠢ ᠱᠦᠵᠢ ᠶᠢ | ᠣᠯᠵᠤ ᠦᠵᠡᠭᠡᠳ ᠮᠠᠰᠢ ᠪᠠᠶᠠᠷᠯᠠᠵᠤ ᠶᠡᠷᠦᠩᠬᠡᠢ ᠱᠦᠵᠢ ᠲᠠᠢ ᠮᠡᠨᠳᠦᠴᠢᠯᠡᠵᠦ ᠪᠠᠶᠢᠯ᠎ᠠ᠃ ᠰᠢ ᠶᠢᠨ ᠫᠢᠩ ᠪᠠᠶᠢᠨ ᠪᠠᠶᠢᠨ | ᠤᠯᠠᠨ ᠲᠠᠢ ᠰᠠᠨᠠᠯ ᠢᠶᠠᠨ ᠰᠣᠯᠢᠯᠴᠠᠵᠤ᠂ ᠪᠢᠴᠢᠬᠠᠨ ᠨᠠᠶᠢᠵᠠ ᠨᠠᠷ ᠢ ᠲᠤᠬᠠᠢ ᠶᠢᠨ ᠭᠠᠵᠠᠷ ᠲᠤᠨᠢ ᠢᠯᠡᠭᠦᠬᠡᠨ ᠣᠴᠢᠵᠤ | ᠳᠤᠮᠳᠠᠳᠤ ᠶᠢᠨ ᠰᠣᠶᠣᠯ ᠢ ᠡᠷᠢᠯᠬᠢᠯᠡᠵᠦ᠂ ᠬᠠᠷᠠᠬᠠᠨ ᠪᠠᠭ᠎ᠠ ᠠᠴᠠ ᠪᠠᠨ ᠰᠣᠶᠣᠯ ᠤᠨ ᠢᠲᠡᠭᠡᠯ ᠢ ᠪᠤᠢ ᠪᠤᠯᠭᠠᠬᠤ ᠶᠢ | ᠣᠨᠴᠠᠭᠠᠶᠢᠯᠠᠨ ᠵᠣᠷᠢᠭᠵᠢᠭᠤᠯᠪᠠ᠃ ᠲᠡᠷᠡ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠢᠷᠡᠭᠡᠳᠦᠢ ᠭᠡᠭᠡᠨ ᠰᠠᠷᠠᠭᠤᠯ ᠶᠤᠮ᠂ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠨᠡᠨ ᠬᠦ ᠲᠤᠯᠭᠠᠭᠤᠷᠢ | ᠠᠵᠤ ᠦᠢᠯᠡᠰ᠂ ᠠᠷᠠᠳ ᠤᠨ ᠠᠮᠢᠳᠤᠷᠠᠯ ᠤᠨ ᠠᠵᠤ ᠦᠢᠯᠡᠰ᠂ ᠵᠣᠯ ᠵᠢᠷᠭᠠᠯᠲᠤ ᠠᠵᠤ ᠦᠢᠯᠡᠰ ᠪᠣᠯᠭᠠᠨ ᠪᠦᠲᠦᠭᠡᠨ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | 20 ᠤ ᠦᠳᠡ ᠶᠢᠨ ᠡᠮᠦᠨ᠎ᠡ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ | ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠾᠧᠨᠠᠨ ᠤ ᠡᠯ᠎ᠡ ᠲᠠᠯ᠎ᠠ ᠶᠢᠨ ᠣᠯᠣᠭᠰᠠᠨ ᠠᠮᠵᠢᠯᠲᠠ ᠶᠢ | ᠨᠤᠲᠠᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠶᠢᠯᠠᠰᠢ | ᠦᠭᠡᠢ ᠱᠠᠭᠠᠷᠳᠠᠯᠭ᠎ᠠ ᠮᠥᠨ᠃ ᠨᠠᠷᠢᠨ ᠪᠤᠳᠤᠯᠢᠶᠠᠨᠲᠠᠢ ᠭᠠᠳᠠᠭᠠᠳᠤ ᠣᠷᠴᠢᠨ ᠳᠤ ᠬᠠᠨᠳᠤᠵᠤ᠂ ᠢᠲᠡᠭᠡᠯ ᠵᠣᠷᠢᠭ ᠢᠶᠠᠨ | ᠪᠠᠲᠤᠳᠬᠠᠵᠤ᠂ ᠥᠪᠡᠷ ᠤᠨ ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ | ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠪᠠᠷ | ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠲᠣᠬᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠬᠲᠠᠭᠠᠯᠲᠤ ᠪᠤᠰᠤ | ᠴᠢᠨᠠᠷ ᠢ ᠠᠷᠭᠠᠴᠠᠭᠠᠬᠤ ᠬᠡᠷᠡᠭᠲᠡᠢ᠃ ᠾᠧᠨᠠᠨ ᠠᠵᠤ ᠠᠬᠤᠢ ᠶᠢᠨ ᠲᠣᠮᠣ ᠮᠤᠵᠢ ᠪᠣᠯᠤᠭᠰᠠᠨ ᠤ ᠬᠤᠪᠢ ᠳᠤ᠂ ᠪᠣᠳᠠᠲᠤ | ᠴᠣᠭᠴᠠ ᠶᠢᠨ ᠠᠵᠤ ᠠᠬᠤᠢ ᠭᠡᠬᠦ ᠡᠨᠡ ᠬᠦ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠤᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠤᠨ ᠴᠢᠨᠠᠷ ᠰᠠᠶᠢᠲᠠᠢ ᠬᠥᠭᠵᠢᠯᠲᠡ ᠳᠠᠬᠢ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ | ᠲᠠᠷᠢᠶᠠᠨ ᠭᠠᠵᠠᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭᠠᠨ ᠤ ᠠᠮᠤᠷ | ᠲᠦᠪᠰᠢᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠷ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠨ᠂ ᠬᠤᠲᠠ ᠬᠥᠳᠡᠭᠡ ᠶᠢᠨ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ᠃ | ᠭᠤᠣᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠥᠬᠦᠷᠡᠰᠢ ᠦᠭᠡᠢ ᠴᠢᠩᠭᠠᠳᠬᠠᠵᠤ᠂ | ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠤᠯᠲᠠ ᠶᠢ ᠭᠦᠨᠵᠡᠭᠡᠶᠢᠷᠡᠭᠦᠯᠦᠨ᠂ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠾᠧᠨᠠᠨ ᠤ ᠬᠥᠮᠥᠨ ᠠᠮᠠ ᠶᠢᠨ ᠶᠡᠷᠦᠩᠬᠡᠢ ᠬᠡᠮᠵᠢᠶ᠎ᠡ᠂ ᠬᠥᠮᠥᠨ ᠠᠮᠠ ᠶᠢᠨ ᠨᠢᠭᠲᠠᠴᠠ᠂ ᠬᠥᠮᠥᠨ ᠠᠮᠠ ᠶᠢᠨ | ᠨᠡᠭᠦᠳᠡᠯ ᠤᠨ ᠬᠡᠮᠵᠢᠶ᠎ᠡ ᠪᠦᠷ ᠨᠡᠯᠢᠶᠡᠳ ᠶᠡᠭᠡ᠂ ᠨᠡᠶᠢᠭᠡᠮ ᠤᠨ ᠠᠰᠠᠭᠤᠳᠠᠯ ᠨᠠᠷᠢᠨ ᠪᠤᠳᠤᠯᠢᠶᠠᠨᠲᠠᠢ ᠤᠯᠠᠨ ᠶᠠᠩᠵᠤ ᠶᠢᠨ | ᠪᠠᠶᠢᠳᠠᠭ ᠪᠣᠯᠬᠤᠷ ᠡᠷᠬᠡᠪᠰᠢ ᠨᠡᠶᠢᠭᠡᠮ ᠤᠨ ᠵᠠᠰᠠᠯᠲᠠ ᠶᠢ ᠯᠠᠪᠳᠠᠭᠤᠨ ᠪᠠᠲᠤᠲᠠᠢ ᠴᠢᠩᠭᠠᠳᠬᠠᠬᠤ ᠬᠡᠷᠡᠭᠲᠡᠢ᠃ ᠨᠠᠮ ᠤᠨ | ᠤᠳᠤᠷᠢᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠵᠠᠰᠠᠯᠲᠠ ᠶᠢᠨ ᠪᠠᠶᠢᠭᠤᠯᠤᠯ ᠲᠣᠭᠲᠠᠴᠠ ᠶᠢ | ᠪᠦᠷᠢᠨᠰᠢᠭᠦᠯᠵᠦ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ | ᠰᠢᠨ᠎ᠡ ᠪᠠᠷ ᠠᠵᠢᠯ ᠣᠯᠣᠭᠰᠠᠨ ᠬᠥᠮᠥᠰ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠤᠯᠠᠨ | ᠲᠦᠮᠡᠨ ᠳᠤ ᠨᠡᠩ ᠰᠠᠶᠢᠲᠤᠷ ᠦᠢᠯᠡᠴᠢᠯᠡᠨ ᠤᠯᠠᠨ ᠲᠦᠮᠡᠨ ᠢ ᠨᠡᠩ ᠰᠠᠶᠢᠲᠤᠷ ᠨᠢᠭᠲᠠᠷᠠᠭᠤᠯᠵᠤ᠂ ᠤᠯᠠᠨ ᠲᠦᠮᠡᠨ ᠤ ᠠᠰᠢᠭ | ᠲᠤᠰᠠ ᠶᠢ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠦᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ | ᠲᠠᠯᠪᠢᠨ ᠰᠢᠢᠳᠪᠦᠷᠢᠯᠡᠬᠦ ᠬᠡᠷᠡᠭᠲᠡᠢ᠃ ᠦᠨᠳᠦᠰᠦᠨ ᠱᠠᠲᠤ ᠶᠢ ᠠᠳᠬᠤᠬᠤ᠂ ᠰᠠᠭᠤᠷᠢ ᠶᠢ ᠪᠠᠬᠢᠵᠢᠭᠦᠯᠬᠦ᠂ ᠦᠨᠳᠦᠰᠦ ᠶᠢ | ᠪᠠᠬᠢᠵᠢᠭᠦᠯᠬᠦ ᠶᠢ ᠲᠤᠪᠤᠶᠢᠯᠭᠠᠵᠤ᠂ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠲᠠ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ | ᠨᠡᠶᠢᠭᠡᠮ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠡᠴᠦᠰ ᠲᠤᠨᠢ ᠲᠤᠯᠲᠠᠯ᠎ᠠ ᠬᠢᠬᠦ᠂ ᠪᠦᠭᠦ ᠲᠠᠯ᠎ᠠ ᠪᠠᠷ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠠᠤᠯᠢ ᠪᠠᠷ ᠵᠠᠰᠠᠬᠤ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠤᠨ ᠵᠠᠰᠠᠯᠲᠠ ᠳᠠᠬᠢ ᠬᠠᠤᠯᠢ ᠪᠠᠷ ᠵᠠᠰᠠᠬᠤ ᠶᠢᠨ ᠵᠢᠷᠤᠮᠵᠢᠯ ᠪᠠ | ᠪᠠᠲᠤᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠨᠡᠨᠴᠢ ᠢᠲᠡᠭᠡᠮᠵᠢᠲᠡᠢ ᠪᠠᠶᠢᠬᠤ ᠦᠷᠳᠡᠭ ᠤᠨ | ᠵᠢᠯᠣᠭᠤᠳᠤᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ᠂ ᠠᠵᠤ ᠠᠬᠤᠶᠢᠯᠠᠯ ᠤᠨ ᠦᠨᠡᠨᠴᠢ | ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠠᠶᠤᠯ ᠲᠦᠭᠰᠢᠭᠦᠷᠢ ᠭᠡᠮ | ᠰᠣᠭᠤᠭ ᠢ ᠵᠢᠭᠰᠠᠭᠠᠨ ᠪᠠᠶᠢᠴᠠᠭᠠᠬᠤ ᠪᠠ ᠵᠠᠰᠠᠬᠤ ᠶᠢ ᠴᠢᠩᠭ᠎ᠠ ᠠᠩᠬᠠᠷᠴᠤ᠂ ᠨᠡᠶᠢᠭᠡᠮ ᠤᠨ ᠠᠮᠤᠷ ᠲᠦᠪᠰᠢᠨ ᠢ ᠪᠦᠬᠦᠯᠢ | ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ | ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ᠃ | ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠨᠡᠶᠢᠭᠡᠮ ᠤᠨ | ᠵᠠᠰᠠᠯᠲᠠ ᠶᠢ ᠠᠬᠢᠭᠤᠯᠬᠤ ᠳᠤᠮᠳᠠ ᠰᠢᠨ᠎ᠡ ᠪᠠᠶᠢᠳᠠᠯ ᠳᠣᠣᠷᠠᠬᠢ ᠨᠠᠮ ᠤᠨ ᠤᠯᠠᠨ ᠲᠦᠮᠡᠨ ᠤ ᠠᠵᠢᠯ ᠤᠨ ᠵᠢᠮ᠎ᠡ ᠶᠣᠰᠣ ᠶᠢ | ᠳ᠋ᠦᠩᠨᠡᠬᠦ ᠳᠡᠭᠡᠨ ᠴᠢᠳᠠᠮᠠᠭᠠᠢ ᠪᠠᠶᠢᠵᠤ᠂ ᠠᠳᠠᠯᠢ ᠪᠤᠰᠤ ᠨᠡᠶᠢᠭᠡᠮ ᠤᠨ ᠬᠠᠮᠲᠤᠯᠢᠭ ᠤᠨ ᠣᠨᠴᠠᠯᠢᠭ ᠲᠤ ᠴᠢᠭᠯᠡᠭᠦᠯᠦᠨ | ᠠᠵᠢᠯ ᠢᠶᠠᠨ ᠨᠠᠷᠢᠯᠢᠭ ᠪᠣᠳᠠᠲᠠᠢ ᠬᠢᠬᠦ ᠬᠡᠷᠡᠭᠲᠡᠢ᠃ ᠬᠡᠯᠪᠡᠷᠢᠴᠢ ᠦᠵᠡᠯ ᠢ ᠦᠨᠡᠨ ᠬᠦ ᠴᠡᠭᠴᠡᠯᠡᠨ ᠵᠠᠰᠠᠬᠤ ᠪᠠᠷ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠤᠨ ᠵᠣᠷᠢᠭᠲᠠᠢ ᠪᠠᠷ ᠠᠵᠢᠯ ᠬᠢᠵᠦ᠂ | ᠢᠲᠡᠭᠡᠯ ᠬᠦᠨᠳᠦ ᠲᠠᠢ ᠪᠤᠯᠬᠤ ᠶᠢ ᠳᠡᠮᠵᠢᠵᠦ᠂ ᠣᠯᠠᠨ ᠲᠦᠮᠡᠨ ᠤ ᠥᠪᠡᠷ ᠤᠨ ᠬᠦᠴᠦᠨ ᠳᠡᠭᠡᠨ ᠲᠦᠰᠢᠭᠯᠡᠨ ᠨᠡᠶᠢᠭᠡᠮ ᠤᠨ | ᠵᠠᠰᠠᠯᠲᠠ ᠳᠠᠬᠢ ᠠᠰᠠᠭᠤᠳᠠᠯ ᠢ ᠰᠢᠢᠳᠪᠦᠷᠢᠯᠡᠬᠦ ᠶᠢ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠲᠥᠪ ᠤᠨ ᠨᠠᠢᠮᠠᠨ ᠲᠣᠭᠲᠠᠭᠠᠯ ᠪᠣᠯ ᠨᠠᠮ ᠤᠨ ᠲᠥᠪ ᠬᠤᠷᠢᠶ᠎ᠠ ᠶᠢᠨ ᠢᠲᠡᠭᠡᠯ ᠬᠦᠨᠳᠦ ᠲᠠᠢ ᠠᠵᠢᠯᠯᠠᠭ᠎ᠠ | ᠮᠥᠨ᠂ ᠰᠢᠨ᠎ᠡ ᠴᠠᠭ ᠦᠶ᠎ᠡ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠪᠡᠯᠭᠡ ᠲᠡᠮᠳᠡᠭ ᠤᠨ ᠴᠢᠨᠠᠷᠲᠠᠢ ᠠᠷᠭ᠎ᠠ ᠬᠡᠮᠵᠢᠶ᠎ᠡ ᠮᠥᠨ᠃ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠮᠥᠨ᠃ | ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠳᠡᠭᠡᠷ᠎ᠡ ᠬᠦᠴᠦ | ᠣᠷᠣᠭᠤᠯᠵᠤ᠂ ᠨᠠᠮ ᠤᠨ ᠭᠡᠰᠢᠭᠦᠨ ᠺᠠᠳ᠋ᠷ ᠤᠨ ᠬᠤᠪᠢ ᠬᠥᠮᠥᠨ ᠤ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠶᠢ | ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠲᠠᠢ ᠨᠢᠭᠲᠠ ᠤᠶᠠᠯᠳᠤᠭᠤᠯᠵᠤ᠂ ᠣᠪᠣᠷ | ᠰᠤᠷᠲᠠᠯ ᠤᠨ ᠴᠢᠩᠭ᠎ᠠ ᠱᠠᠭᠠᠷᠳᠠᠯᠭ᠎ᠠ ᠶᠢ ᠦᠨᠡᠨ ᠬᠦ ᠬᠠᠲᠠᠭᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠡᠮᠦᠷ ᠮᠡᠲᠦ | ᠶᠣᠰᠣ ᠳᠦᠷᠢᠮ ᠢ ᠪᠤᠢ ᠪᠤᠯᠭᠠᠵᠤ᠂ ᠰᠤᠷᠤᠯᠴᠠᠪᠠᠯ ᠴᠢᠨᠠᠷ ᠰᠠᠶᠢᠲᠠᠢ᠂ ᠪᠠᠶᠢᠴᠠᠭᠠᠪᠠᠯ ᠡᠷᠴᠢᠮ ᠲᠠᠢ᠂ ᠰᠠᠶᠢᠵᠢᠷᠠᠭᠤᠯᠪᠠᠯ ᠦᠷ᠎ᠡ | ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠤᠨ ᠲᠥᠪ ᠤᠨ ᠵᠢᠯᠤᠭᠤᠳᠬᠤ ᠳᠤᠭᠤᠶᠢᠯᠠᠩ | ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯ ᠤᠨ ᠭᠤᠣᠯᠳᠠᠯᠭ᠎ᠠ ᠪᠠᠨ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠳᠡᠭᠡᠷ᠎ᠡ ᠲᠠᠯᠪᠢᠵᠤ᠂ ᠨᠠᠷᠢᠯᠢᠭ ᠣᠨᠣᠴᠠᠲᠠᠢ ᠵᠢᠯᠤᠭᠤᠳᠴᠤ᠂ ᠡᠷᠬᠡᠪᠰᠢ ᠪᠣᠳᠠᠲᠤ ᠦᠷ᠎ᠡ | ᠪᠦᠲᠦᠮᠵᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠵᠢᠯ ᠠᠴᠠ ᠨᠠᠭᠠᠰᠢ᠂ ᠮᠠᠨ ᠤ ᠤᠯᠤᠰ ᠤᠨ ᠵᠠᠷᠢᠮ ᠭᠠᠵᠠᠷ ᠣᠷᠣᠨ ᠳᠤ ᠭᠠᠩ ᠬᠠᠭᠰᠠᠷᠠᠭᠠᠨ | ᠡᠭᠦᠰᠴᠦ᠂ ᠵᠠᠷᠢᠮ ᠨᠢ ᠪᠠᠰᠠ ᠦᠷᠭᠦᠯᠵᠢᠯᠡᠵᠦ ᠪᠤᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠨ᠂ | ᠤᠰᠤ ᠬᠡᠷᠡᠭᠯᠡᠬᠦ ᠲᠣᠬᠢᠷᠠᠭᠤᠯᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠤᠰᠤ ᠬᠠᠩᠭᠠᠬᠤ | ᠪᠠ ᠲᠠᠷᠢᠶᠠᠯᠠᠩ ᠤᠨ ᠤᠰᠤᠯᠠᠯᠲᠠ ᠶᠢᠨ ᠬᠡᠷᠡᠭᠴᠡᠭᠡ ᠶᠢ ᠪᠠᠲᠤᠯᠠᠬᠤ ᠬᠡᠷᠡᠭᠲᠡᠢ᠃ ᠭᠠᠩ ᠪᠠᠶᠢᠪᠠᠯ ᠤᠰᠤᠲᠤᠯ ᠪᠠᠶᠢᠵᠤ ᠮᠡᠳᠡᠨ᠎ᠡ᠂ | ᠭᠠᠩᠳᠠᠯ ᠠᠴᠠ ᠤᠰᠤᠳᠤᠯ ᠪᠣᠯᠵᠤ ᠬᠤᠪᠢᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠦᠶᠡᠷ ᠤᠨ ᠬᠤᠭᠤᠴᠠᠭ᠎ᠠ ᠨᠢᠭᠡᠨᠲᠡ | ᠬᠦᠷᠴᠦ ᠢᠷᠡᠪᠡ᠂ ᠡᠯ᠎ᠡ ᠭᠠᠵᠠᠷ ᠤᠨ ᠬᠢᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠳᠤ ᠡᠷᠬᠡᠪᠰᠢ ᠨᠠᠷᠢᠨ ᠨᠢᠮᠪᠠᠢ | ᠪᠡᠯᠡᠳᠬᠡᠯ ᠬᠢᠵᠦ᠂ ᠪᠡᠯᠡᠳᠬᠡᠯ ᠲᠥᠰᠥᠯ ᠭᠦᠢᠴᠡᠳ᠂ ᠠᠷᠭᠠᠴᠠᠭᠠᠬᠤ ᠳᠠᠭᠠᠨ ᠯᠠᠪᠳᠠᠭᠤᠨ ᠲᠣᠭᠲᠠᠭᠤᠨ ᠪᠠᠶᠢᠬᠤ ᠶᠢ ᠪᠠᠲᠤᠯᠠᠬᠤ | ᠬᠡᠷᠡᠭᠲᠡᠢ᠃ ᠠᠭᠤᠯᠠᠨ ᠦᠶᠡᠷ᠂ ᠰᠢᠪᠠᠷ ᠴᠢᠯᠠᠭᠤᠨ ᠤᠷᠤᠰᠬᠠᠯ ᠵᠡᠷᠭᠡ ᠪᠠᠶᠢᠭᠠᠯᠢ ᠶᠢᠨ ᠭᠠᠮᠰᠢᠭ ᠠᠮᠠᠷᠬᠠᠨ ᠡᠭᠦᠰᠬᠦ ᠭᠠᠵᠠᠷ | ᠣᠷᠣᠨ ᠳᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪ ᠤᠨ ᠬᠤᠶᠠᠳᠤᠭᠠᠷ ᠵᠢᠯᠤᠭᠤᠳᠬᠤ | ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃ | |