ᠭᠦᠪᠲᠦᠷᠦᠦ ᠲᠠᠢ ᠡᠪᠡᠳᠴᠢᠲᠡᠳ ᠢᠳᠡᠭᠡᠨ ᠤᠮᠳᠠᠭᠠᠨ ᠢᠶᠠᠨ ᠨᠡᠩ ᠢᠯᠡᠭᠦᠦ ᠠᠩᠬᠠᠷᠬᠤ ᠴᠢᠬᠤᠯᠠᠲᠠᠢ
ᠨᠡᠶᠢᠲᠡᠯᠡᠭᠰᠡᠨ ᠴᠠᠭ᠄
2025/5/23
    ᠭᠦᠪᠲᠦᠷᠦᠦ ᠲᠠᠢ ᠡᠪᠡᠳᠴᠢᠲᠡᠳ ᠤᠭᠤᠷᠠᠭ᠂ ᠸᠢᠲ᠋ᠠᠮᠢᠨ B12᠂ ᠲᠡᠮᠦᠷ ᠨᠥᠬᠦᠬᠦ ᠬᠡᠷᠡᠭᠲᠡᠢ᠃ ᠵᠠᠷᠢᠮ ᠢᠳᠡᠭᠡᠨ ᠤᠮᠳᠠᠭᠠᠨ ᠨᠢ ᠭᠦᠪᠲᠦᠷᠦᠦ ᠡᠪᠡᠳᠴᠢᠨ ᠣᠯᠬᠤ ︽ᠲᠦᠷᠭᠡᠳᠬᠡᠭᠦᠷ︾ ᠪᠠᠶᠢᠵᠤ ᠮᠡᠳᠡᠨ᠎ᠡ᠂ ᠡᠶᠢᠮᠦ ᠪᠠᠷ ᠢᠶᠠᠨ ᠳᠣᠣᠷᠠᠬᠢ ᠭᠤᠷᠪᠠᠨ ᠲᠥᠷᠥᠯ ᠤᠨ ᠬᠥᠮᠥᠰ ᠢᠳᠡᠵᠦ ᠤᠤᠭᠤᠬᠤ ᠪᠠᠨ ᠰᠠᠶᠢᠲᠤᠷ ᠬᠢᠴᠢᠶᠡᠭᠡᠷᠡᠢ᠃ ᠡᠳᠦᠷ ᠳᠤᠲᠤᠮ ᠤᠨ ᠠᠮᠢᠳᠤᠷᠠᠯ ᠳᠤᠮᠳᠠ ᠡᠳᠡᠭᠡᠷ ᠢᠳᠡᠭᠡᠨ ᠤᠮᠳᠠᠭᠠᠨ ᠢ ᠢᠳᠡᠪᠡᠯ ᠭᠦᠪᠲᠦᠷᠦᠦ ᠡᠪᠡᠳᠴᠢᠨ ᠣᠯᠬᠤ ᠶᠢᠨ ︽ᠲᠦᠷᠭᠡᠳᠬᠡᠭᠦᠷ︾ ᠪᠣᠯᠵᠤ ᠮᠡᠳᠡᠬᠦ ᠲᠤᠯᠠ ᠬᠢᠴᠢᠶᠡᠬᠦ ᠬᠡᠷᠡᠭᠲᠡᠢ᠃    ᠨᠢᠭᠡ᠂ ᠠᠭᠤᠰᠬᠢᠨ ᠭᠦᠪᠲᠦᠷᠦᠦ ᠲᠠᠢ ᠬᠥᠮᠥᠰ ᠭᠤᠷᠪᠠᠨ ᠲᠥᠷᠥᠯ ᠤᠨ ᠬᠤᠭᠤᠯᠠ ᠶᠢ ᠳᠤᠲᠠᠭᠤ ᠢᠳᠡᠪᠡᠯ ᠵᠣᠬᠢᠨ᠎ᠠ᠄    1. ᠰᠡᠳᠡᠯᠲᠡ ᠶᠢᠨ ᠴᠢᠨᠠᠷᠲᠠᠢ ᠢᠳᠡᠭᠡᠨ᠄ ᠯᠠᠵᠤᠤ᠂ ᠨᠠᠷᠢᠨ ᠤᠯᠠᠭᠠᠨ ᠯᠠᠵᠤᠤ᠂ ᠰᠢᠷᠠᠭᠰᠠᠨ ᠲᠠᠭᠢᠶ᠎ᠠ᠂ ᠲᠣᠰᠣᠯᠢᠭ ᠪᠣᠣᠪᠤ ᠵᠡᠷᠭᠡ᠃    2. ᠳᠠᠪᠤᠰᠤ ᠶᠡᠬᠡᠲᠡᠢ ᠢᠳᠡᠭᠡᠨ᠄ ᠳᠠᠪᠤᠰᠤᠲᠠᠢ ᠨᠣᠭᠤᠭ᠎ᠠ᠂ ᠳᠠᠪᠤᠰᠤᠯᠠᠭᠰᠠᠨ ᠮᠢᠬ᠎ᠠ᠂ ᠳᠠᠪᠤᠰᠤᠯᠠᠭᠰᠠᠨ ᠨᠤᠭᠤᠰᠤᠨ ᠥᠨᠳᠡᠭᠡ ᠵᠡᠷᠭᠡ᠃    3. ᠰᠡᠳᠡᠯᠲᠡ ᠶᠢᠨ ᠴᠢᠨᠠᠷᠲᠠᠢ ᠤᠮᠳᠠᠭᠠᠨ᠄ ᠺᠣᠹᠧ ᠪᠠ ᠰᠡᠳᠡᠯᠲᠡ ᠶᠢᠨ ᠴᠢᠨᠠᠷᠲᠠᠢ ᠤᠮᠳᠠᠭᠠᠨ᠂ ᠵᠢᠱᠢᠶᠡᠯᠡᠪᠡᠯ ᠥᠳᠬᠡᠨ ᠴᠠᠢ ᠵᠡᠷᠭᠡ᠃    ᠬᠤᠶᠠᠷ᠂ ᠪᠠᠮᠪᠠᠢ ᠪᠤᠯᠴᠢᠷᠬᠠᠢ ᠶᠢᠨ ᠭᠦᠪᠲᠦᠷᠦᠦ ᠲᠠᠢ ᠬᠥᠮᠥᠰ ᠢᠣᠳ᠋ᠲᠤ ᠢᠳᠡᠭᠡᠨ ᠢᠳᠡᠬᠦ ᠬᠡᠮᠵᠢᠶ᠎ᠡ ᠪᠠᠨ ᠲᠡᠩᠴᠡᠭᠦᠷᠢᠲᠡᠢ ᠪᠠᠶᠢᠯᠭᠠᠭᠠᠷᠠᠢ᠃ ᠵᠢᠱᠢᠶᠡᠯᠡᠪᠡᠯ᠄ ᠤᠯᠠᠭᠠᠨ ᠨᠣᠭᠤᠭ᠎ᠠ᠂ ᠬᠠᠶᠢᠳᠠᠢ ᠵᠡᠷᠭᠡ ᠳᠠᠯᠠᠢ ᠶᠢᠨ ᠨᠣᠭᠤᠭ᠎ᠠ ᠪᠣᠯᠣᠨ ᠢᠣᠳ᠋ ᠲᠠᠢ ᠳᠠᠪᠤᠰᠤ ᠶᠢ ᠵᠣᠬᠢᠬᠤ ᠬᠡᠮᠵᠢᠶ᠎ᠡ ᠪᠠᠷ ᠢᠳᠡᠪᠡᠯ ᠰᠠᠶᠢᠨ᠃ ᠢᠣᠳ᠋ ᠦᠭᠡᠢ ᠳᠠᠪᠤᠰᠤ ᠢᠳᠡᠵᠦ᠂ ᠢᠣᠳ᠋ ᠪᠠᠭ᠎ᠠ ᠢᠳᠡᠭᠡᠨ ᠤᠮᠳᠠᠭᠠᠨ᠂ ᠠᠷᠢᠬᠢ ᠲᠠᠮᠠᠬᠢ᠂ ᠺᠣᠹᠧ᠂ ᠥᠳᠬᠡᠨ ᠴᠠᠢ ᠵᠡᠷᠭᠡ ᠰᠡᠳᠡᠯᠲᠡ ᠶᠢᠨ ᠴᠢᠨᠠᠷᠲᠠᠢ ᠢᠳᠡᠭᠡᠨ ᠤᠮᠳᠠᠭᠠᠨ ᠢ ᠴᠡᠭᠡᠷᠯᠡᠬᠦ ᠶᠢ ᠰᠠᠨᠠᠭᠤᠯᠤᠶ᠎ᠠ᠃ ᠬᠡᠷᠪᠡ ᠪᠠᠮᠪᠠᠢ ᠪᠤᠯᠴᠢᠷᠬᠠᠢ ᠶᠢᠨ ᠭᠦᠪᠲᠦᠷᠦᠦ ᠶᠢᠨ ᠡᠪᠡᠳᠴᠢᠨ ᠲᠠᠢ ᠪᠣᠯ ᠰᠢᠷ᠎ᠠ ᠯᠤᠤᠪᠠᠩ᠂ ᠣᠷᠢᠶᠠᠮᠠᠯ ᠨᠣᠭᠤᠭ᠎ᠠ ᠳᠤᠲᠠᠭᠤ ᠢᠳᠡᠬᠦ ᠬᠡᠷᠡᠭᠲᠡᠢ᠂ ᠡᠳᠡᠭᠡᠷ ᠢᠳᠡᠭᠡᠨ ᠨᠢ ᠶᠡᠭᠡ ᠪᠤᠶᠤ ᠪᠠᠭ᠎ᠠ ᠬᠡᠮᠵᠢᠶ᠎ᠡ ᠪᠠᠷ ᠪᠠᠮᠪᠠᠢ ᠪᠤᠯᠴᠢᠷᠬᠠᠢ ᠶᠢᠨ ᠭᠦᠪᠲᠦᠷᠦᠦ ᠶᠢ ᠨᠥᠯᠥᠭᠡᠯᠡᠳᠡᠭ ᠶᠤᠮ᠃    ᠭᠤᠷᠪᠠ᠂ ᠬᠥᠬᠦᠨ ᠤ ᠪᠤᠯᠴᠢᠷᠬᠠᠢ ᠶᠢᠨ ᠭᠦᠪᠲᠦᠷᠦᠦ ᠲᠠᠢ ᠬᠥᠮᠥᠰ ᠠᠮᠢᠲᠠᠨ ᠤ ᠤᠭᠤᠷᠠᠭ ᠢᠳᠡᠬᠦ ᠬᠡᠮᠵᠢᠶ᠎ᠡ ᠪᠠᠨ ᠬᠢᠵᠠᠭᠠᠷᠯᠠᠬᠤ ᠬᠡᠷᠡᠭᠲᠡᠢ᠂ ᠠᠮᠢᠲᠠᠨ ᠤ ᠤᠭᠤᠷᠠᠭ ᠢᠳᠡᠬᠦ ᠬᠡᠮᠵᠢᠶ᠎ᠡ ᠪᠠᠨ ᠬᠢᠵᠠᠭᠠᠷᠯᠠᠬᠤ ᠨᠢ ᠡᠮ᠎ᠡ ᠬᠤᠷᠮᠣᠨ ᠭᠡᠲᠦ ᠶᠡᠭᠡ ᠪᠤᠢ ᠪᠤᠯᠬᠤ ᠠᠴᠠ ᠰᠡᠷᠭᠡᠶᠢᠯᠡᠵᠦ ᠲᠠᠶᠢᠯᠤᠨ᠎ᠠ᠂ ᠲᠡᠷᠡᠴᠢᠯᠡᠨ ᠬᠥᠬᠦᠨ ᠤ ᠪᠤᠯᠴᠢᠷᠬᠠᠢ ᠶᠢᠨ ᠬᠤᠣᠷᠲᠤ ᠡᠳ᠋ ᠡᠭᠦᠰᠬᠦ ᠶᠢ ᠬᠢᠴᠢᠶᠡᠬᠦ ᠬᠡᠷᠡᠭᠲᠡᠢ᠃    ︵︽ᠠᠷᠠᠳ ᠤᠨ ᠰᠦᠯᠵᠢᠶ᠎ᠡ︾ ᠠᠴᠠ ᠨᠠᠶᠢᠷᠠᠭᠤᠯᠤᠨ ᠠᠪᠤᠪᠠ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号