2025 ᠣᠨ ᠳᠤ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠢ | ᠬᠡᠷᠡᠭᠵᠢᠭᠦᠯᠦᠭᠰᠡᠨ ᠠᠴᠠ ᠨᠠᠭᠠᠰᠢ᠂ ᠪᠥᠬᠦ ᠣᠷᠣᠨ ᠤ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠠᠵᠢᠯ ᠣᠯᠭᠤᠯᠲᠠ ᠶᠢᠨ ᠪᠠᠶᠢᠳᠠᠯ ᠡᠭᠦᠷᠭᠡ ᠶᠢᠨ ᠬᠡᠷᠡᠭᠴᠡᠭᠡ | ᠱᠠᠭᠠᠷᠳᠠᠯᠭ᠎ᠠ ᠯᠤᠭ᠎ᠠ ᠨᠢᠭᠲᠠ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢ ᠰᠢᠭᠤᠳ ᠬᠦᠷᠭᠡᠬᠦ᠂ ᠠᠵᠢᠯ ᠤᠨ | ᠪᠠᠶᠢᠷᠢ ᠶᠢ ᠵᠣᠯᠭᠠᠭᠤᠯᠬᠤ᠂ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ | ᠳᠡᠰ ᠳᠠᠪᠬᠤᠷᠭ᠎ᠠ᠂ ᠣᠯᠠᠨ ᠠᠷᠭ᠎ᠠ ᠵᠠᠮ᠂ ᠣᠯᠠᠨ ᠣᠷᠣᠨ ᠪᠠᠶᠢᠷᠢ ᠲᠠᠢ ᠠᠵᠢᠯ ᠣᠯᠭᠤᠯᠲᠠ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠣᠭᠲᠠᠯᠴᠠᠭ᠎ᠠ ᠶᠢ ᠪᠥᠬᠦ ᠬᠦᠴᠦᠨ ᠢᠶᠠᠷ ᠢᠶᠠᠨ ᠪᠠᠶᠢᠭᠤᠯᠪᠠ᠃ | ᠨᠢᠭᠡ ᠳᠤ᠂ ︽ᠰᠦᠯᠵᠢᠶᠡᠨ ᠭᠠᠳᠠᠭᠤᠷᠬᠢ︾ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠰᠠᠭᠤᠷᠢ ᠶᠢ ᠪᠠᠲᠤᠳᠬᠠᠪᠠ᠃ | ︽ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠬᠤ ᠶᠢ | ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠢᠵᠢ ᠪᠦᠷᠢᠳᠦᠭᠦᠯᠦᠨ ᠳᠠᠷᠤᠮᠠᠯᠯᠠᠨ ᠶᠠᠪᠤᠭᠤᠯᠵᠤ᠂ ᠬᠥᠳᠡᠯᠮᠦᠷᠢ ᠶᠢᠨ | ᠪᠠᠲᠤᠯᠠᠭ᠎ᠠ ᠶᠢᠨ ᠲᠤᠰᠠᠯᠠᠭᠴᠢ ᠶᠢ 1.13 ᠲᠦᠮᠡ ᠴᠢᠩᠭᠠᠳᠬᠠᠨ ᠲᠣᠬᠢᠷᠠᠭᠤᠯᠵᠤ᠂ ︽ᠡᠳᠦᠷ ᠤᠨ ᠬᠦᠴᠦ | ᠶᠠᠪᠤᠭᠰᠠᠳ ᠤᠨ ᠵᠠᠬ᠎ᠠ ᠳᠡᠯᠭᠡᠭᠦᠷ + ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ︾ ᠶᠢᠨ ᠠᠵᠢᠯ ᠤᠨ | ᠲᠣᠭᠲᠠᠴᠠ ᠶᠢ ᠪᠠᠶᠢᠭᠤᠯᠵᠤ᠂ ᠬᠥᠮᠥᠰ ᠤᠨ ᠨᠡᠭᠦᠳᠡᠯ ᠵᠣᠷᠴᠢᠯ ᠶᠡᠬᠡᠲᠡᠢ᠂ ᠡᠳᠦᠷ ᠤᠨ ᠬᠦᠴᠦᠨ ᠶᠠᠪᠤᠭᠰᠠᠳ ᠣᠯᠠᠨᠲᠠᠢ᠂ | ᠵᠠᠮ ᠬᠠᠷᠢᠯᠴᠠᠭ᠎ᠠ ᠳᠥᠭᠦᠮ ᠳᠥᠲᠡ ᠣᠷᠣᠨ ᠪᠦᠰᠡ ᠶᠢ ᠰᠣᠩᠭᠤᠨ ᠡᠳᠦᠷ ᠤᠨ ᠬᠦᠴᠦ ᠶᠠᠪᠤᠭᠰᠠᠳ ᠤᠨ ᠵᠠᠬ᠎ᠠ | ᠳᠡᠯᠭᠡᠭᠦᠷ᠂ ᠡᠳᠦᠷ ᠤᠨ ᠬᠦᠴᠦ ᠶᠠᠪᠤᠭᠰᠠᠳ ᠤᠨ ᠥᠷᠲᠡᠭᠡ ᠶᠢ 153 ᠪᠠᠶᠢᠭᠤᠯᠵᠤ᠂ ᠠᠵᠢᠯ ᠲᠥᠷᠥᠯ ᠤᠨ ᠠᠵᠤ | ᠠᠬᠤᠶᠢᠯᠠᠯ ᠤᠨ ᠨᠡᠶᠢᠭᠡᠮᠯᠢᠭ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠮᠣ ᠬᠡᠪᠴᠢᠶᠡᠨ ᠤ | ᠬᠤᠳᠠᠯᠳᠤᠭᠠᠨ ᠤ ᠲᠣᠭᠤᠷᠢᠭ ᠵᠡᠷᠭᠡ ᠳᠤ ᠲᠦᠰᠢᠭᠯᠡᠨ ︽ᠣᠶᠢᠷ᠎ᠠ ᠬᠠᠪᠢ︾ ᠳᠠᠬᠢ ᠠᠵᠢᠯ ᠣᠯᠭᠤᠯᠲᠠ ᠶᠢᠨ | ᠦᠢᠯᠡᠴᠢᠯᠡᠭᠡᠨ ᠤ ᠥᠷᠲᠡᠭᠡ ᠶᠢ 1052 ᠪᠠᠶᠢᠭᠤᠯᠪᠠ᠃ | ︽ᠠᠵᠢᠯ ᠣᠯᠭᠤᠯᠲᠠ +︾ ᠦᠢᠯᠡᠴᠢᠯᠡᠭᠡᠨ ᠤ ᠬᠡᠪ ᠵᠠᠭᠪᠤᠷ ᠲᠤ ᠰᠢᠨ᠎ᠡ ᠶᠢ ᠡᠭᠦᠳᠴᠦ᠂ ᠠᠵᠢᠯᠲᠠᠨ ᠤᠷᠢᠵᠤ | ᠡᠯᠰᠡᠬᠦ ᠴᠤᠭᠯᠠᠭᠠᠨ ᠢ ᠬᠤᠳᠠᠯᠳᠤᠭᠠᠨ ᠤ ᠲᠠᠯᠠᠪᠤᠷ᠂ ᠰᠥᠨᠢ ᠶᠢᠨ ᠵᠠᠬ᠎ᠠ᠂ ᠥᠩᠭᠡᠲᠦ ᠳ᠋ᠧᠩ ᠤᠨ ᠦᠵᠡᠭᠦᠯᠭᠡ᠂ | ᠰᠦᠮ᠎ᠡ ᠶᠢᠨ ᠴᠤᠭᠯᠠᠭᠠᠨ ᠵᠡᠷᠭᠡ ᠲᠠᠯᠠᠪᠤᠷ ᠭᠠᠵᠠᠷ ᠲᠤ ᠶᠠᠪᠤᠭᠳᠠᠭᠤᠯᠵᠤ᠂ ᠦᠢᠯᠡᠴᠢᠯᠡᠭᠡᠨ ᠤ ︽ᠬᠠᠵᠠᠭᠤ ᠬᠠᠪᠢ ᠳᠤ︾ | ︽ᠵᠣᠭᠰᠣᠯᠲᠠ ᠦᠭᠡᠢ ᠥᠷᠨᠢᠭᠦᠯᠵᠦ︾ ᠪᠠᠶᠢᠬᠤ ᠶᠢ ᠦᠨᠡᠨ ᠬᠦ ᠪᠠᠲᠤᠯᠠᠵᠤ᠂ ᠣᠶᠢᠷ᠎ᠠ ᠶᠢᠨ 3 ᠵᠢᠯ ᠳᠤ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠭᠤᠷᠬᠢ ᠠᠵᠢᠯᠲᠠᠨ ᠤᠷᠢᠵᠤ ᠡᠯᠰᠡᠬᠦ ᠴᠤᠭᠯᠠᠭᠠᠨ ᠢ ᠨᠡᠶᠢᠲᠡ 8834 ᠲᠠᠯᠠᠪᠤᠷ | ᠥᠷᠨᠢᠭᠦᠯᠵᠦ᠂ 834 ᠲᠦᠮᠡᠨ ᠤᠳᠠᠭ᠎ᠠ ᠠᠵᠢᠯ ᠤᠨ ᠪᠠᠶᠢᠷᠢ ᠬᠠᠩᠭᠠᠪᠠ᠃ | ᠬᠤᠶᠠᠷ ᠲᠤ᠂ ︽ᠰᠦᠯᠵᠢᠶᠡᠨ ᠳᠡᠭᠡᠷᠡᠬᠢ︾ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠪᠠᠷ ᠠᠵᠢᠯ | ᠣᠯᠭᠤᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠪᠠ᠃ | ︽ᠥᠪᠥᠷ ᠮᠣᠩᠭᠤᠯ ᠤᠨ ᠠᠵᠢᠯ ᠣᠯᠭᠤᠯᠲᠠ︾ ᠠᠵᠢᠯ ᠡᠷᠢᠬᠦ ᠪᠠ ᠠᠵᠢᠯᠲᠠᠨ ᠤᠷᠢᠵᠤ ᠡᠯᠰᠡᠬᠦ ᠲᠠᠪᠴᠠᠩ | ᠪᠣᠯᠣᠨ ︽ᠮᠥᠩᠬᠡ ᠰᠤᠪᠠᠭ ᠤᠷᠢᠵᠤ ᠡᠯᠰᠡᠬᠦ︾ ᠵᠢᠵᠢᠭ ᠫᠷᠣᠭ᠍ᠷᠠᠮ ᠢ ᠰᠦᠯᠵᠢᠶᠡᠨ ᠳᠤ ᠭᠠᠷᠭᠠᠨ ᠠᠵᠢᠯᠯᠠᠭᠤᠯᠵᠤ᠂ | ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ | ᠮᠥᠴᠢᠷ ᠤᠳ ᠤᠨ ᠳ᠋ᠠᠶᠢᠲ᠋ᠠ ᠶᠢ ᠲᠥᠪᠯᠡᠷᠡᠭᠦᠯᠦᠨ᠂ ᠬᠤᠪᠢ ᠬᠥᠮᠥᠨ ᠤ ᠠᠵᠢᠯ ᠡᠷᠢᠬᠦ᠂ ᠠᠵᠤ ᠠᠬᠤᠶᠢᠯᠠᠯ ᠤᠨ ᠤᠷᠢᠵᠤ | ᠡᠯᠰᠡᠬᠦ᠂ ᠠᠵᠢᠯ ᠤᠨ ᠪᠠᠶᠢᠷᠢ ᠶᠢ ᠣᠶᠤᠨᠴᠢ ᠪᠠᠷ ᠳᠠᠮᠵᠢᠭᠤᠯᠬᠤ᠂ ᠰᠦᠯᠵᠢᠶ᠎ᠡ ᠪᠠᠷ ᠲᠤᠬᠠᠶᠢᠯᠠᠭᠰᠠᠨ ᠠᠵᠢᠯ | ᠭᠤᠶᠤᠴᠢᠯᠠᠬᠤ ᠪᠠ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠬᠠᠩᠭᠠᠵᠤ᠂ ᠠᠵᠢᠯ | ᠣᠯᠭᠤᠯᠲᠠ ᠶᠢᠨ E ᠭᠠᠵᠠᠷ ᠤᠨ ᠵᠢᠷᠤᠭ ᠵᠡᠷᠭᠡ ᠦᠢᠯᠡᠴᠢᠯᠡᠭᠡᠨ ᠤ ᠴᠢᠳᠠᠮᠵᠢ ᠶᠢ ᠲᠣᠬᠢᠷᠠᠭᠤᠯᠤᠨ᠂ ᠡᠯ᠎ᠡ ᠲᠥᠷᠥᠯ ᠤᠨ | ᠠᠵᠤ ᠠᠬᠤᠶᠢᠯᠠᠯ᠂ ᠪᠠᠶᠢᠭᠤᠯᠤᠮᠵᠢ ᠪᠠ ᠬᠥᠳᠡᠯᠮᠦᠷᠢᠴᠢᠳ ᠲᠤ ᠣᠨᠣᠴᠠᠲᠠᠢ ᠪᠠᠷ ᠢᠯᠭᠠᠨ ᠲᠠᠨᠢᠬᠤ᠂ ᠥᠨᠳᠥᠷ | ᠪᠦᠲᠦᠮᠵᠢᠲᠡᠶ ᠪᠠᠷ ᠵᠣᠯᠭᠠᠭᠤᠯᠬᠤ᠂ ᠣᠶᠤᠨᠴᠢ ᠪᠠᠷ ᠵᠣᠬᠢᠴᠠᠯᠳᠤᠭᠤᠯᠤᠭᠰᠠᠨ ᠠᠵᠢᠯ ᠣᠯᠭᠤᠯᠲᠠ ᠶᠢᠨ ᠣᠯᠠᠨ | ᠨᠡᠶᠢᠲᠡ ᠶᠢᠨ ᠦᠢᠯᠡᠴᠢᠯᠡᠭᠡ ᠬᠠᠩᠭᠠᠵᠤ ᠪᠣᠢ᠃ | ︽ᠠᠵᠢᠯ ᠣᠯᠭᠤᠯᠲᠠ ᠶᠢᠨ ᠰᠠᠨᠰᠠᠷ ᠦᠷᠳᠡᠭᠡ︾ ᠶᠢ ᠭᠠᠷᠭᠠᠵᠤ᠂ ᠠᠵᠢᠯ ᠣᠯᠭᠤᠯᠲᠠ ᠶᠢᠨ ᠲᠦᠷᠤ ᠶᠢᠨ | ᠪᠣᠳᠣᠯᠭ᠎ᠠ ᠶᠢ ᠲᠠᠶᠢᠯᠪᠤᠷᠢᠯᠠᠨ᠂ ᠤᠷᠢᠵᠤ ᠡᠯᠰᠡᠬᠦ ᠪᠠ ᠪᠣᠯᠪᠠᠰᠤᠷᠠᠯ ᠬᠢᠬᠦ ᠮᠡᠳᠡᠭᠡ ᠵᠠᠩᠭᠢ ᠶᠢ ᠨᠡᠶᠢᠲᠡᠯᠡᠵᠦ ᠪᠣᠢ᠃ | ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ ᠶᠢ ᠠᠵᠢᠯ ᠣᠯᠭᠤᠯᠲᠠ ᠶᠢᠨ | ᠦᠢᠯᠡᠴᠢᠯᠡᠭᠡᠨ ᠤ ᠬᠦᠷᠢᠶᠡᠨ ᠳᠤ ᠥᠷᠭᠡᠨ ᠢᠶᠠᠷ ᠬᠡᠷᠡᠭᠯᠡᠬᠦ ᠶᠢ ᠥᠷᠨᠢᠭᠦᠯᠦᠨ ᠠᠬᠢᠭᠤᠯᠵᠤ᠂ ᠪᠥᠬᠦ ᠣᠷᠣᠨ ᠳᠤ | ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ ᠰᠠᠭᠤᠷᠢᠨ ᠭᠠᠵᠠᠷ ᠢ ᠨᠡᠶᠢᠲᠡ 38 ᠪᠠᠶᠢᠭᠤᠯᠵᠤ᠂ | ᠰᠢᠭᠤᠳ ᠨᠡᠪᠲᠡᠷᠡᠭᠦᠯᠭᠡ ᠶᠢᠨ ᠠᠵᠢᠯᠯᠠᠭᠠᠨ ᠢ 2755 ᠲᠠᠯᠠᠪᠤᠷ ᠥᠷᠨᠢᠭᠦᠯᠪᠡ᠃ | |