5 ᠰᠠᠷ᠎ᠠ ᠶᠢᠨ 26 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ᠂ ᠾᠧᠨᠠᠨ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠣᠯᠠᠨ ᠲᠦᠮᠡᠨ ᠪᠣᠯᠣᠨ ᠦᠨᠳᠦᠰᠦᠨ ᠱᠠᠲᠤᠨ ᠤ ᠬᠠᠨᠤᠮᠵᠢ ᠲᠠᠢ ᠪᠠᠶᠢᠬᠤ ᠬᠡᠮᠵᠢᠶ᠎ᠡ ᠪᠠᠷ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠲᠥᠪ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ | ᠲᠤᠰᠬᠠᠵᠤ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ ᠠᠰᠠᠭᠤᠳᠠᠯ ᠢ ᠡᠷᠡᠰ ᠰᠠᠶᠢᠲᠤᠷ ᠠᠳᠬᠤᠵᠤ᠂ | ᠰᠤᠷᠤᠯᠴᠠᠯᠭ᠎ᠠ ᠬᠥᠮᠦᠵᠢᠯ ᠢᠶᠠᠷ ᠲᠠᠮᠵᠢᠨ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠩᠭ᠎ᠠ ᠪᠣᠳᠠᠲᠠᠢ ᠠᠬᠢᠭᠤᠯᠵᠤ᠂ | ᠬᠥᠯᠥᠰᠦᠨ ᠮᠠᠯᠴᠢᠨ ᠲᠠᠷᠢᠶᠠᠴᠢᠨ ᠤ ᠴᠠᠯᠢᠩ ᠬᠥᠯᠥᠰᠦ ᠪᠣᠯᠣᠨ ᠠᠵᠤ ᠠᠬᠤᠶᠢᠯᠠᠯ ᠤᠨ ᠲᠠᠩᠰᠠᠨ ᠳᠠᠬᠢ ᠵᠣᠭᠤᠰ ᠢ | ᠥᠷᠢᠲᠦᠵᠦ ᠪᠠᠶᠢᠭ᠎ᠠ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ | ᠣᠷᠳᠣᠨ ᠠᠵᠢᠯ ᠤᠨ ᠡᠷᠴᠢᠮ ᠢᠶᠠᠨ ᠲᠠᠭᠢᠨ ᠲᠦᠷᠭᠡᠳᠬᠡᠵᠦ᠂ ᠲᠠᠪᠤᠨ ᠶᠡᠭᠡ ᠡᠭᠦᠷᠭᠡ ᠪᠣᠯᠣᠨ ᠵᠢᠷᠭᠤᠭᠠᠨ | ᠢᠨᠵᠧᠨᠧᠷᠢᠩ᠂ ᠵᠢᠷᠭᠤᠭᠠᠨ ᠠᠵᠢᠯᠯᠠᠭ᠎ᠠ ᠳᠤ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠴᠢᠳᠠᠬᠤ ᠶᠢᠨ | ᠬᠢᠷᠢ ᠪᠠᠷ ᠲᠦᠷᠭᠡᠨ ᠬᠢᠬᠦ ᠶᠢ ᠪᠠᠷᠢᠮᠲᠠᠯᠠᠵᠤ᠂ ᠴᠠᠭ ᠤᠨ ᠬᠦᠰᠦᠨᠦᠭᠲᠦ᠂ ᠪᠠᠷᠢᠯᠭ᠎ᠠ ᠶᠢᠨ ᠵᠢᠷᠤᠭ ᠲᠠᠢ ᠬᠠᠷᠭᠤᠭᠤᠯᠤᠨ | ᠴᠢᠬᠤᠯᠠ ᠶᠡᠭᠡ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠤᠯᠤᠰ ᠤᠨ ᠶᠠᠮᠤᠨ | ᠵᠥᠪᠯᠡᠯ ᠲᠠᠢ ᠢᠳᠡᠪᠬᠢᠲᠡᠢ ᠵᠣᠯᠭᠠᠭᠤᠯᠵᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ | ᠦᠨᠳᠦᠰᠦᠨ ᠱᠠᠲᠤ ᠶᠢ ᠦᠨᠡᠨ ᠬᠦ ᠬᠠᠪᠰᠤᠷᠴᠤ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠨᠢ ᠰᠢᠢᠳᠪᠦᠷᠢᠯᠡᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠲᠦᠭᠡᠨ ᠪᠠᠶᠢᠭᠤᠯᠵᠤ ᠪᠠᠶᠢᠭ᠎ᠠ ᠭᠡᠷ ᠪᠠᠶᠢᠰᠢᠩ ᠤᠨ ᠬᠤᠲᠠ ᠶᠢᠨ ᠶᠠᠪᠤᠳᠠᠯ ᠤᠨ ᠢᠨᠵᠧᠨᠧᠷᠢᠩ᠂ | ᠵᠠᠮ ᠬᠠᠷᠢᠯᠴᠠᠭᠠᠨ ᠤ ᠬᠦᠷᠢᠶᠡᠨ ᠳᠠᠬᠢ ᠴᠠᠯᠢᠩ ᠥᠷᠢᠲᠦᠬᠦ ᠠᠰᠠᠭᠤᠳᠠᠯ ᠢ ᠵᠠᠰᠠᠬᠤ ᠠᠵᠢᠯ ᠢ ᠰᠤᠳᠤᠯᠵᠤ᠂ ᠪᠦᠭᠦ | ᠪᠠᠶᠢᠳᠠᠯ ᠢ ᠭᠦᠨᠵᠡᠭᠡᠢ ᠣᠶᠢᠯᠠᠭᠠᠨ᠂ ᠪᠣᠳᠠᠲᠠᠢ ᠲᠤᠭ᠎ᠠ ᠶᠢ ᠪᠦᠭᠦ ᠰᠢᠰᠲ᠋ᠧᠮ ᠢᠶᠠᠷ ᠡᠵᠡᠮᠰᠢᠵᠦ᠂ ᠡᠯ᠎ᠡ ᠱᠠᠲᠤᠨ ᠤ | ᠵᠠᠰᠠᠭ ᠤᠨ ᠣᠷᠳᠣᠨ ᠴᠠᠭ ᠲᠤᠬᠠᠢ ᠳᠤᠨᠢ ᠪᠡᠯᠡ ᠮᠥᠩᠭᠦ ᠶᠢ ᠰᠠᠯᠭᠠᠨ ᠥᠭᠴᠦ᠂ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠨ᠂ ᠮᠠᠭᠤ ᠰᠠᠨᠠᠭ᠎ᠠ ᠪᠠᠷ ᠵᠣᠷᠢᠭᠤᠳᠠ ᠴᠠᠯᠢᠩ ᠥᠷᠢᠲᠦᠬᠦ ᠦᠶᠯᠡ ᠠᠵᠢᠯᠯᠠᠭ᠎ᠠ ᠳᠤ ᠡᠷᠡᠰ ᠴᠣᠬᠢᠯᠲᠠ | ᠥᠭᠬᠦ ᠬᠡᠷᠡᠭᠲᠡᠢ᠃ ᠬᠥᠯᠥᠰᠦᠨ ᠮᠠᠯᠴᠢᠨ ᠲᠠᠷᠢᠶᠠᠴᠢᠨ ᠤ ᠴᠠᠯᠢᠩ ᠢ ᠥᠭᠬᠦ ᠪᠢᠲᠡᠭᠦᠦ ᠭᠤᠭᠴᠣᠭᠠᠲᠤ ᠪᠠᠲᠤᠯᠠᠭ᠎ᠠ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠴᠠᠯᠢᠩ ᠥᠷᠢᠲᠦᠬᠦ ᠠᠰᠠᠭᠤᠳᠠᠯ ᠢ ᠡᠬᠢ ᠡᠭᠦᠰᠦᠯ ᠠᠴᠠ ᠨᠢ ᠰᠡᠷᠭᠡᠶᠢᠯᠡᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠮᠥᠩᠭᠦᠨ ᠭᠦᠢᠯᠭᠡᠭᠡᠨ ᠤ ︽ᠲᠠᠪᠤᠨ ᠶᠡᠭᠡ ᠠᠵᠢᠯ︾ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ | ᠰᠠᠨᠠᠯ ᠢ ᠬᠢᠨᠠᠨ ᠵᠥᠪᠯᠡᠵᠦ᠂ ᠲᠥᠪ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠮᠦᠷᠳᠡᠨ ᠨᠠᠶᠢᠳᠠᠪᠤᠷᠢᠵᠢᠭᠤᠯᠵᠤ᠂ | ᠠᠰᠠᠭᠤᠳᠠᠯ ᠢ ᠰᠢᠢᠳᠪᠦᠷᠢᠯᠡᠬᠦ ᠪᠠᠷ ᠵᠢᠯᠣᠭᠤᠳᠤᠮᠵᠢ ᠪᠤᠯᠭᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠵᠠᠰᠠᠭ ᠪᠠᠩᠬᠢ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠠᠮᠲᠤ ᠪᠠᠷ | ᠡᠳ᠋ᠯᠡᠬᠦ ᠶᠢ ᠠᠬᠢᠭᠤᠯᠵᠤ᠂ ᠪᠠᠩᠬᠢ ᠠᠴᠠ ᠬᠡᠨ ᠳᠤ ᠵᠢᠭᠡᠯᠡᠯᠭᠡ ᠲᠠᠯᠪᠢᠬᠤ᠂ ᠠᠵᠤ ᠠᠬᠤᠶᠢᠯᠠᠯ ᠬᠡᠨ ᠢ ᠡᠷᠢᠵᠦ ᠵᠢᠭᠡᠯᠡᠯᠭᠡ | ᠠᠪᠬᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠢᠭᠡᠯᠡᠯᠭᠡ ᠶᠢ ᠨᠠᠶᠢᠳᠠᠪᠤᠷᠢᠵᠢᠭᠤᠯᠬᠤ ᠳᠤᠮᠳᠠᠬᠢ ᠲᠦᠭᠵᠢᠷᠡᠯ | ᠴᠡᠭ ᠢ ᠠᠷᠢᠯᠭᠠᠨ᠂ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠳᠤ ᠮᠥᠩᠭᠦᠨ ᠭᠦᠢᠯᠭᠡᠭᠡᠨ ᠤ ᠳᠡᠮᠵᠢᠯᠭᠡ | ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠢ ᠴᠢᠨᠠᠷ ᠰᠠᠶᠢᠲᠠᠢ ᠪᠦᠲᠦᠭᠡᠨ | ᠪᠠᠶᠢᠭᠤᠯᠬᠤ ᠠᠵᠢᠯ ᠤᠨ ᠲᠥᠰᠥᠯ ᠢ ᠬᠢᠨᠠᠨ ᠵᠥᠪᠯᠡᠵᠦ᠂ ᠨᠡᠭᠦᠷᠡᠰᠦᠲᠥ᠋ᠷᠥᠭᠴᠢ ᠦᠭᠡᠢ ᠬᠦᠷᠢᠶᠡᠨ ᠳᠠᠬᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠨᠡᠭᠦᠷᠡᠰᠦᠲᠥ᠋ᠷᠥᠭᠴᠢ ᠦᠭᠡᠢ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ︽ᠲᠠᠰ ᠳᠡᠪᠰᠢᠭᠰᠡᠨ ᠬᠡᠪᠯᠡᠯ︾ ᠤᠨ ᠠᠵᠢᠯ ᠢ ᠰᠠᠶᠢᠲᠤᠷ | ᠬᠢᠵᠦ᠂ ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠬᠤ ᠵᠡᠷᠭᠡ ᠲᠠᠯ᠎ᠠ ᠪᠠᠷ ᠣᠯᠠᠨ ᠲᠤᠷᠰᠢᠯᠭ᠎ᠠ ᠬᠤᠷᠠᠮᠳᠤᠭᠤᠯᠵᠤ᠂ | ᠬᠡᠪ ᠳᠠᠭᠤᠷᠢᠶᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠦᠭᠰᠡᠨ ᠴᠠᠭᠢᠯᠭᠠᠨ ᠤ ᠦᠨ᠎ᠡ ᠶᠢ ᠵᠠᠬ᠎ᠠ | ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠶᠠᠪᠤᠳᠠᠯ ᠢ ᠰᠤᠳᠤᠯᠪᠠ᠃ |