ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ 3 ᠰᠠᠷ᠎ᠠ ᠶᠢᠨ 21 ᠠᠴᠠ 4 ᠰᠠᠷ᠎ᠠ ᠶᠢᠨ 17 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ | ᠣᠷᠣᠨ ᠨᠢᠭᠡᠨᠲᠡ 4 ᠪᠦᠯᠦᠭ ᠤᠳᠠᠭ᠎ᠠ ᠶᠢᠨ ᠡᠮ ᠤᠨ ᠵᠦᠢᠯᠡᠰ ᠤᠨ ᠦᠨ᠎ᠡ ᠬᠠᠩᠰᠢ ᠶᠢᠨ ᠵᠠᠰᠠᠯᠲᠠ ᠶᠢ ᠪᠡᠶᠡᠯᠡᠭᠦᠯᠵᠦ᠂ | 3416 ᠡᠮ ᠤᠨ ᠵᠦᠢᠯᠡᠰ ᠤᠨ ᠰᠦᠯᠵᠢᠶᠡᠨ ᠳᠤ ᠤᠷᠤᠭᠤᠯᠬᠤ ᠦᠨ᠎ᠡ ᠶᠢ ᠳᠤᠮᠳᠠᠴᠢ ᠪᠠᠷ 40% ᠪᠠᠷ | ᠪᠠᠭᠤᠷᠠᠭᠤᠯᠪᠠ᠃ | ᠣᠶᠢᠯᠠᠭᠠᠭᠰᠠᠨ ᠢᠶᠠᠷ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠠᠴᠠ ᠡᠮ ᠤᠨ ᠵᠦᠢᠯ ᠤᠨ ᠰᠦᠯᠵᠢᠶᠡᠨ ᠳᠤ ᠭᠠᠷᠬᠤ ᠳᠦᠷᠢᠮ ᠢ ᠲᠣᠳᠣᠷᠬᠠᠶᠢᠯᠠᠵᠤ᠂ ᠬᠡᠮᠵᠢᠶᠡᠵᠢᠭᠦᠯᠦᠭᠰᠡᠨ | ᠦᠨ᠎ᠡ ᠬᠠᠩᠰᠢ ᠶᠢᠨ ᠪᠠᠷᠢᠮᠵᠢᠶ᠎ᠠ ᠪᠠᠷ ᠳᠠᠮᠵᠢᠨ᠂ ᠦᠨ᠎ᠡ ᠬᠠᠩᠰᠢ ᠶᠢᠨ ᠤᠷᠢᠳᠴᠢᠯᠠᠨ ᠰᠡᠷᠡᠮᠵᠢᠯᠡᠭᠦᠯᠭᠦ ᠲᠣᠭᠲᠠᠴᠠ ᠶᠢ | ᠪᠠᠶᠢᠭᠤᠯᠵᠤ᠂ ᠡᠮ ᠤᠨ ᠵᠦᠢᠯᠡᠰ ᠤᠨ ᠦᠨ᠎ᠡ ᠬᠠᠩᠰᠢ ᠶᠢᠨ ᠵᠥᠷᠢᠶ᠎ᠡ ᠶᠢ ᠴᠢᠩᠭ᠎ᠠ ᠡᠵᠡᠮᠳᠡᠨ᠂ ᠵᠦᠢ ᠵᠣᠬᠢᠰ ᠦᠭᠡᠢ | ᠦᠨ᠎ᠡ ᠬᠠᠩᠰᠢ ᠶᠢ ᠪᠦᠭᠦ ᠲᠠᠯ᠎ᠠ ᠪᠠᠷ ᠵᠠᠯᠠᠷᠠᠭᠤᠯᠵᠤ᠂ ᠨᠠᠩ ᠵᠢᠷᠤᠮᠵᠢᠭᠤᠨ᠂ ᠢᠯᠡ ᠲᠣᠳᠣ᠂ ᠲᠥᠪ ᠭᠤᠤᠯᠴᠢ ᠡᠮ ᠤᠨ | ᠵᠦᠢᠯᠡᠰ ᠤᠨ ᠦᠨ᠎ᠡ ᠬᠠᠩᠰᠢ ᠶᠢᠨ ᠣᠷᠴᠢᠨ ᠨᠥᠬᠦᠴᠡᠯ ᠢ ᠪᠤᠶ ᠪᠤᠯᠭᠠᠵᠤ᠂ ᠥᠷᠭᠡᠨ ᠣᠯᠠᠨ ᠲᠦᠮᠡᠨ ᠤ ᠦᠨ᠎ᠡ | ᠬᠠᠩᠰᠢ ᠵᠣᠬᠢᠰᠲᠠᠢ ᠡᠮ ᠤᠨ ᠵᠦᠢᠯᠡᠰ ᠢ ᠬᠡᠷᠡᠭᠯᠡᠬᠦ ᠳᠤ ᠪᠠᠲᠤᠯᠠᠭ᠎ᠠ ᠬᠠᠩᠭᠠᠪᠠ᠃ | ᠡᠮ ᠤᠨ ᠵᠦᠢᠯᠡᠰ ᠤᠨ ᠦᠨ᠎ᠡ ᠬᠠᠩᠰᠢ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠥᠪᠡᠷᠲᠡᠭᠡᠨ | ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠡᠮ ᠤᠨ ᠵᠦᠢᠯᠡᠰ ᠤᠨ ᠰᠦᠯᠵᠢᠶᠡᠨ ᠳᠤ | ᠤᠷᠤᠭᠤᠯᠬᠤ ᠦᠨ᠎ᠡ ᠬᠠᠩᠰᠢ ᠳᠤ ᠴᠢᠩᠭ᠎ᠠ ᠬᠡᠮᠵᠢᠶᠡᠵᠢᠭᠦᠯᠦᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠪᠡ᠃ | ᠰᠡᠷᠡᠮᠵᠢᠯᠡᠭᠦᠯᠭᠦ ᠲᠣᠭᠲᠠᠴᠠ ᠶᠢ ᠲᠣᠭᠲᠠᠭᠠᠭᠰᠠᠨ ᠨᠢ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯᠡᠰ ᠢ | ᠬᠤᠳᠠᠯᠳᠤᠨ ᠠᠪᠬᠤ ᠳᠤ ᠪᠦᠲᠦᠮᠵᠢᠲᠡᠢ ᠦᠨ᠎ᠡ ᠬᠠᠩᠰᠢ ᠶᠢᠨ ᠮᠡᠳᠡᠭᠡ ᠵᠠᠩᠭᠢ ᠬᠠᠩᠭᠠᠵᠤ᠂ ᠤᠯᠠᠨ ᠲᠦᠮᠡᠨ ᠳᠤ | ᠲᠥᠪ ᠭᠤᠣᠯᠴᠢ᠂ ᠪᠣᠳᠠᠲᠤ ᠠᠰᠢᠭᠲᠠᠢ ᠡᠮ ᠤᠨ ᠵᠦᠢᠯᠡᠰ ᠤᠨ ᠦᠨ᠎ᠡ ᠬᠠᠩᠰᠢ ᠬᠦᠷᠲᠡᠭᠡᠬᠦ ᠪᠣᠯᠣᠨ᠎ᠠ᠃ | ︽ᠥᠪᠡᠷᠲᠡᠭᠡᠨ ᠵᠠᠰᠠᠬᠤ ᠣᠷᠣᠨ ᠡᠮ ᠤᠨ ᠵᠦᠢᠯᠡᠰ ᠤᠨ ᠰᠦᠯᠵᠢᠶᠡᠨ ᠳᠤ ᠤᠷᠤᠭᠤᠯᠬᠤ ᠳᠦᠷᠢᠮ ᠢ ᠪᠦᠭᠦ ᠲᠠᠯ᠎ᠠ ᠪᠠᠷ | ᠬᠡᠷᠡᠭᠵᠢᠭᠦᠯᠵᠦ᠂ ᠡᠮ ᠤᠨ ᠵᠦᠢᠯᠡᠰ ᠤᠨ ᠦᠨ᠎ᠡ ᠬᠠᠩᠰᠢ ᠶᠢᠨ ᠵᠠᠰᠠᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠪᠠ ᠦᠨ᠎ᠡ ᠬᠠᠩᠰᠢ ᠶᠢᠨ ᠬᠢᠨᠠᠨ ᠬᠡᠮᠵᠢᠯᠲᠡ ᠶᠢᠨ | ᠣᠨᠣᠪᠴᠢ ᠶᠢᠨ ᠬᠡᠮᠵᠢᠶ᠎ᠡ ᠬᠢᠭᠡᠳ ᠪᠦᠭᠦ ᠲᠠᠯᠠᠲᠤ ᠴᠢᠨᠠᠷ ᠢ ᠳᠡᠭᠡᠭᠰᠢᠯᠡᠭᠦᠯᠦᠨ᠂ ᠡᠯ᠎ᠡ ᠲᠥᠷᠥᠯ ᠤᠨ ᠡᠮ ᠤᠨ | ᠵᠦᠢᠯᠡᠰ ᠤᠨ ᠦᠨ᠎ᠡ ᠬᠠᠩᠰᠢ ᠶᠢᠨ ᠬᠡᠪ ᠤᠨ ᠪᠤᠰᠤ ᠪᠠᠶᠢᠳᠠᠯ ᠢ ᠴᠠᠭ ᠲᠤᠬᠠᠢ ᠳᠤᠨᠢ ᠨᠠᠷᠢᠨ ᠣᠨᠣᠪᠴᠢᠲᠠᠶ ᠢᠯᠭᠠᠨ | ᠲᠠᠨᠢᠬᠤ ᠶᠢ ᠦᠨᠡᠨ ᠬᠦ ᠪᠠᠲᠤᠯᠠᠵᠤ᠂ ᠵᠦᠢ ᠵᠣᠬᠢᠰᠲᠠᠢ᠂ ᠲᠥᠪ ᠭᠤᠤᠯᠴᠢ ᠡᠮ ᠤᠨ ᠵᠦᠢᠯᠡᠰ ᠤᠨ ᠦᠨ᠎ᠡ ᠬᠠᠩᠰᠢ ᠶᠢᠨ | ᠪᠦᠷᠢᠯᠳᠦᠯ ᠢ ᠯᠠᠪᠳᠠᠭᠤᠨ ᠢᠶᠠᠷ ᠠᠬᠢᠭᠤᠯᠵᠤ᠂ ᠣᠯᠠᠨ ᠲᠦᠮᠡᠨ ᠤ ᠠᠰᠢᠭ ᠲᠤᠰᠠ ᠶᠢ ᠦᠨᠡᠨ ᠬᠦ ᠪᠠᠲᠤᠯᠠᠨ᠎ᠠ︾ ᠭᠡᠵᠦ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ | ᠢᠯᠡᠷᠬᠡᠶᠢᠯᠡᠪᠡ᠃ |