ᠰᠢᠯᠢ ᠶᠢᠨ ᠬᠤᠲᠠ ᠠᠷᠪᠠᠨ ᠭᠤᠷᠪᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ 136 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ
ᠨᠡᠶᠢᠲᠡᠯᠡᠭᠰᠡᠨ ᠴᠠᠭ᠄
2025/5/9
ᠰᠢᠯᠢ ᠶᠢᠨ ᠬᠤᠲᠠ ᠠᠷᠪᠠᠨ ᠭᠤᠷᠪᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ136 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ — ᠭᠤᠤᠯ ᠨᠠᠭᠤᠷ ᠤᠨ ᠳᠠᠷᠤᠭ᠎ᠠ ᠶᠢᠨ ᠲᠦᠷᠢᠮ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠤᠨ ᠬᠤᠷᠠᠯ ᠢ ᠬᠤᠷᠠᠯᠳᠤᠭᠤᠯᠪᠠ     5 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠳᠠ ᠶᠢᠨ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠢ ᠡᠷᠬᠢᠯᠡᠪᠡ᠃ ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠶᠡᠷᠦᠩᠬᠡᠶ ᠱᠦᠵᠢ ᠭᠦᠢᠵᠧᠦ ᠶᠢᠨ ᠴᠢᠶᠠᠨ ᠰᠢ ᠬᠤᠳᠠ ᠶᠢᠨ ᠵᠤᠭᠠᠴᠠᠯ ᠤᠨ ᠣᠩᠭᠤᠴᠠ ᠬᠥᠷᠪᠡᠭᠰᠡᠨ ᠬᠡᠷᠡᠭ ᠪᠣᠯᠤᠨ ᠯᠢᠶᠣᠤᠨᠢᠩ ᠤᠨ ᠯᠢᠶᠤᠤᠶᠠᠩ ᠬᠤᠳᠠ ᠶᠢᠨ ᠪᠠᠶ ᠲᠠ ᠲᠣᠭᠤᠷᠢᠭ ᠤᠨ ᠨᠢᠭᠡᠨ ᠵᠣᠴᠢᠳ ᠤᠨ ᠪᠠᠭᠤᠳᠠᠯ ᠤᠨ ᠭᠠᠯ ᠠᠯᠳᠠᠭᠰᠠᠨ ᠬᠡᠷᠡᠭ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠳᠤ ᠴᠢᠭᠯᠡᠭᠦᠯᠦᠨ᠂ ᠠᠵᠢᠯᠴᠢᠨ ᠤ ᠡᠪᠯᠡᠯ ᠤᠨ ᠠᠵᠢᠯ ᠢ ᠰᠠᠶᠢᠲᠤᠷ ᠬᠢᠬᠦ ᠰᠠᠨᠠᠭᠠᠴᠢᠯᠠᠭᠠᠲᠤ ᠴᠢᠨᠠᠷ ᠢ ᠴᠢᠩᠭᠠᠳᠬᠠᠵᠤ᠂ ᠠᠵᠢᠯᠴᠢᠨ ᠤ ᠡᠪᠯᠡᠯ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃     ᠬᠤᠷᠠᠯ ᠠᠴᠠ 4 ᠰᠠᠷ᠎ᠠ ᠶᠢᠨ 25 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ 2025 ᠣᠨ ᠤ 13 ᠳ᠋ᠤᠭᠠᠷ ᠤᠳᠠᠭ᠎ᠠ ᠶᠢᠨ ᠬᠤᠷᠠᠯ ᠤᠨ 4  ᠳ᠋ᠦ᠋ᠭᠡᠷ ᠵᠥᠪᠯᠡᠬᠦ ᠰᠡᠳᠦᠪ ᠤᠨ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠲᠠᠮᠵᠢᠭᠤᠯᠵᠣ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠦᠢᠯᠡᠰ ᠤᠨ ᠠᠵᠢᠯᠯᠠᠭ᠎ᠠ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠳᠡᠭᠡᠭᠰᠢᠯᠡᠭᠦᠯᠬᠦ ᠬᠢᠵᠠᠭᠠᠷᠯᠠᠬᠤ ᠲᠤᠰᠢᠶᠠᠬᠤ ᠨᠢᠭᠡᠳᠬᠡᠬᠦ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢ ᠨᠡᠮᠡᠭᠳᠡᠭᠦᠯᠬᠦ ᠶᠢ ᠠᠳᠬᠤᠵᠤ᠂ ︽ᠴᠠᠭ ᠬᠠᠭᠠᠰ ᠠᠴᠠ ᠬᠡᠲᠦᠷᠡᠬᠦ᠂ ᠡᠭᠦᠷᠭᠡ ᠬᠠᠭᠠᠰ ᠠᠴᠠ ᠬᠡᠲᠦᠷᠡᠬᠦ︾ ᠬᠠᠷᠠᠯᠲᠠ ᠶᠢ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠬᠦ ᠠᠶᠢᠮᠠᠭ ᠤᠨ ᠶᠡᠭᠡ ᠲᠠᠯ᠎ᠠ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠰᠦᠨ ᠱᠤᠤ ᠴᠧᠩ ᠱᠦᠵᠢ ᠶᠢᠨ ᠰᠢᠯᠢ ᠶᠢᠨ ᠭᠤᠣᠯ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ ᠭᠠᠷᠭᠠᠭᠰᠠᠨ ᠵᠢᠭᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠳᠠ ᠶᠢᠨ ᠳᠣᠲᠣᠷᠠᠬᠢ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠠᠶᠢᠨ ᠰᠠᠶᠢᠬᠠᠨ ᠪᠠᠶᠢᠳᠠᠯ ᠢ ᠴᠢᠨᠠᠭᠰᠢᠳᠠ ᠪᠠᠬᠢᠵᠢᠭᠦᠯᠬᠦ ᠬᠡᠷᠡᠭᠲᠡᠢ᠃      ᠬᠤᠷᠠᠯ ᠠᠴᠠ ᠭᠤᠣᠯᠳᠠᠯᠭ᠎ᠠ ᠲᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ᠂ ᠤᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠤᠢ ᠰᠢᠭᠤᠢ ᠡᠪᠡᠰᠦ ᠪᠡᠯᠴᠢᠭᠡᠷ ᠤᠨ ᠵᠠᠰᠠᠯᠲᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠠᠮᠢ ᠠᠬᠤᠢ ᠶᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠡᠯ᠎ᠡ ᠲᠦᠷᠦᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠰᠠᠶᠢᠲᠤᠷ ᠠᠳᠬᠤᠵᠤ᠂ ᠠᠰᠠᠭᠤᠳᠠᠯ ᠢ ᠲᠦᠢᠯᠪᠤᠷᠢᠲᠠᠢ ᠥᠭᠡᠷᠡᠴᠢᠯᠡᠬᠦ᠂ ᠲᠠᠬᠢᠨ ᠰᠡᠷᠭᠦᠬᠦ ᠦᠭᠡᠢ ᠪᠠᠶᠢᠬᠤ ᠶᠢ ᠪᠠᠲᠤᠯᠬᠤ ᠬᠡᠷᠡᠭᠲᠡᠢ᠃     ᠬᠤᠷᠠᠯ ᠠᠴᠠ ᠪᠠᠰᠠ ᠪᠤᠰᠤᠳ ᠵᠦᠢᠯ ᠢ  ᠰᠣᠳᠣᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠤᠲᠠᠯ ᠤᠨ ᠮᠤᠩᠭᠤᠯ ᠰᠥᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号