ᠰᠢᠯᠢ ᠶᠢᠨ ᠬᠤᠲᠠ ᠶᠢᠨ 2025 ᠣᠨ ᠤ ᠨᠢᠭᠡᠳᠦᠭᠡᠷ ᠤᠯᠠᠷᠢᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠳᠲᠡ ᠰᠠᠶᠢᠵᠢᠷᠠᠨ ᠣᠯᠠᠨ ᠲᠥᠷᠦᠯ ᠤᠨ ᠭᠦᠢᠴᠡᠳᠬᠡᠯ ᠲᠤᠭ᠎ᠠ ᠪᠥᠬᠦ ᠠᠶᠢᠮᠠᠭ ᠲᠤ ᠲᠡᠷᠢᠭᠦᠯᠡᠪᠡ
ᠨᠡᠶᠢᠲᠡᠯᠡᠭᠰᠡᠨ ᠴᠠᠭ᠄
2025/6/12
    ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︽ᠰᠢᠯᠢ ᠶᠢᠨ ᠭᠤᠤᠯ ᠠᠶᠢᠮᠠᠭ ᠤᠨ 2025 ᠣᠨ ᠤ ᠨᠢᠭᠡᠳᠦᠭᠡᠷ ᠤᠯᠠᠷᠢᠯ ᠤᠨ ᠬᠤᠰᠢᠭᠤ ᠰᠢᠶᠠᠨ ᠬᠤᠲᠠ ︵ᠲᠣᠭᠤᠷᠢᠭ︶ ᠶᠢᠨ ᠢᠲᠡᠭᠡᠮᠵᠢ ᠶᠢᠨ ᠬᠢᠨᠠᠨ ᠬᠡᠮᠵᠢᠯᠲᠡ ᠶᠢᠨ ᠦᠨᠡᠯᠡᠨ ᠵᠢᠱᠢᠭᠰᠡᠨ ᠮᠡᠳᠡᠭᠦᠯᠦᠯᠲᠡ︾ ᠶᠢ ᠨᠡᠶᠢᠲᠡᠯᠡᠪᠡ᠃ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠰᠢᠯᠢ ᠶᠢᠨ ᠬᠤᠲᠠ ᠨᠢ ᠪᠥᠬᠦ ᠠᠶᠢᠮᠠᠭ ᠤᠨ 13 ᠬᠤᠰᠢᠭᠤ ᠰᠢᠶᠠᠨ ᠬᠤᠲᠠ ︵ᠲᠣᠭᠤᠷᠢᠭ︶ ᠳᠤ ᠢᠯᠡᠷᠡᠯ ᠰᠠᠶᠢᠨ᠂ ᠶᠡᠷᠦᠩᠬᠡᠶ ᠣᠯᠤᠭᠰᠠᠨ ᠬᠤᠪᠢ ᠨᠢ 94.67 ᠬᠤᠪᠢ᠂ ᠨᠢᠭᠡᠳᠦᠭᠡᠷ ᠪᠠᠶᠢᠷᠢᠨ ᠳᠤ  ᠲᠣᠳᠣᠷᠠᠵᠣ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠢᠲᠡᠭᠡᠮᠵᠢ ᠶᠢ ᠬᠡᠷᠡᠭᠯᠡᠬᠦ ᠵᠡᠷᠭᠡ ᠵᠠᠩᠭᠢᠯᠠᠭ᠎ᠠ ᠶᠢᠨ ᠬᠦᠷᠢᠶᠡᠨ ᠳᠤ ᠲᠣᠪᠤᠶᠢᠮ᠎ᠠ ᠠᠮᠵᠢᠯᠳᠠ ᠲᠠᠢ ᠪᠠᠶᠢᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠲᠠᠯ᠎ᠠ ᠪᠠᠷ᠂  ᠰᠢᠯᠢ ᠶᠢᠨ ᠬᠤᠲᠠ ᠶᠢᠨ ︽ᠬᠤᠶᠠᠷ ᠢ ᠢᠯᠡ ᠨᠡᠶᠢᠲᠡᠯᠡᠬᠦ︾ ᠮᠡᠳᠡᠭᠡ ᠵᠠᠩᠭᠢ ᠶᠢ ᠳᠡᠭᠡᠭᠰᠢ ᠮᠡᠳᠡᠭᠦᠯᠦᠭᠰᠡᠨ ᠨᠣᠷᠮ᠎ᠠ᠂ ᠲᠣᠭᠲᠠᠭᠠᠯ ᠳᠤ ᠨᠡᠶᠢᠴᠡᠬᠦ ᠨᠣᠷᠮ᠎ᠠ᠂ ᠴᠠᠭ ᠲᠤᠬᠠᠶ ᠳᠤᠨᠢ ᠨᠡᠶᠢᠲᠡᠯᠡᠭᠰᠡᠨ ᠨᠣᠷᠮ᠎ᠠ ᠨᠢ ᠴᠥᠮ 100% ᠳᠤ ᠬᠦᠷᠦᠭᠰᠡᠨ ᠪᠥᠭᠡᠳ 8 ᠲᠥᠷᠥᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠪᠦᠷᠬᠦᠴᠡ ᠶᠢᠨ ᠨᠣᠷᠮ᠎ᠠ ᠨᠢ 100% ᠳᠤ ᠬᠦᠷᠴᠦ᠂ ᠪᠥᠬᠦ ᠠᠶᠢᠮᠠᠭ ᠤᠨ ᠴᠣᠷ ᠤᠨ ᠭᠠᠭᠴᠠ ᠪᠦᠷᠢᠨ ᠬᠤᠪᠢ ᠣᠯᠤᠭᠰᠠᠨ ᠭᠠᠵᠠᠷ ᠣᠷᠣᠨ ᠪᠠᠶᠢᠵᠣ᠂ ᠮᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠢᠯᠡ ᠲᠣᠳᠣ ᠶᠢᠨ ᠬᠡᠮᠵᠢᠶ᠎ᠡ ᠪᠠ ᠲᠤᠭ᠎ᠠ ᠪᠠᠷᠢᠮᠲᠠ ᠶᠢ ᠴᠤᠭᠯᠠᠭᠤᠯᠬᠤ ᠠᠵᠢᠯ ᠤᠨ ᠲᠠᠯ᠎ᠠ ᠪᠠᠷ ᠬᠢ ᠲᠣᠪᠤᠶᠢᠮ᠎ᠠ ᠦᠷ᠎ᠡ ᠪᠦᠲᠦᠮᠵᠢ ᠪᠠ ᠲᠡᠷᠢᠭᠦᠨ ᠤ ᠳᠠᠪᠠᠭᠤᠯᠢᠭ ᠢ ᠢᠯᠡᠷᠡᠭᠦᠯᠪᠡ᠃        ᠢᠲᠡᠭᠡᠮᠵᠢ ᠶᠢᠨ ᠬᠡᠷᠡᠭᠯᠡᠯᠲᠡ ᠶᠢᠨ ᠲᠠᠯ᠎ᠠ ᠪᠠᠷ᠂  ᠰᠢᠯᠢ ᠶᠢᠨ ᠬᠤᠲᠠ ᠶᠢᠨ ᠣᠯᠤᠭᠰᠠᠨ ᠬᠤᠪᠢ 29.67 ᠪᠠᠶᠢᠵᠤ᠂ ᠪᠥᠬᠦ ᠠᠶᠢᠮᠠᠭ ᠲᠤ ᠬᠤᠶᠠᠳᠤᠭᠠᠷ ᠪᠠᠶᠢᠷᠢᠨ ᠳᠤ ᠣᠷᠣᠪᠠ᠃ ᠡᠭᠦᠨ ᠳᠤ᠂ ᠵᠠᠰᠠᠭ ᠵᠠᠬᠢᠷᠭᠠᠨ ᠤ  ᠵᠦᠢᠯᠡᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤᠮᠳᠠ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠠᠯᠠ ᠬᠤᠷᠠᠮᠳᠣᠭᠤᠯᠭ᠎ᠠ ᠳᠤ ᠪᠠᠳᠣᠯᠠᠭ᠎ᠠ ᠬᠢᠬᠦ ᠵᠡᠷᠭᠡ 5 ᠬᠦᠷᠢᠶ᠎ᠡ ᠶᠢ ᠬᠠᠮᠤᠷᠴᠤ᠂ ᠠᠯᠪᠠᠨ ᠲᠤᠰᠢᠶᠠᠯᠲᠠᠨ ᠤ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠪᠦᠯᠦᠭ ᠤᠳᠠᠭ᠎ᠠ 61 ᠳᠤ ᠬᠦᠷᠴᠦ᠂ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠨᠢ ᠢᠳᠡᠭᠡᠨ ᠤ ᠵᠦᠢᠯ ᠤᠨ ᠭᠦᠢᠯᠭᠡᠭᠡ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ 9 ᠬᠦᠷᠢᠶ᠎ᠡ ᠶᠢ ᠬᠠᠮᠤᠷᠴᠤ᠂ ᠴᠥᠮ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠣᠷᠣᠪᠠ᠃ ᠡᠭᠦᠨ ᠠᠴᠠ ᠭᠠᠳᠠᠨ᠎ᠠ᠂ ᠮᠠᠨ ᠤ ᠬᠤᠲᠠ ᠢᠲᠡᠭᠡᠮᠵᠢ ᠶᠢᠨ ᠱᠠᠩᠨᠠᠯ ᠲᠣᠷᠭᠠᠭᠤᠯᠢ ᠶᠢ ᠢᠳᠡᠪᠬᠢᠲᠡᠶ ᠥᠷᠨᠢᠭᠦᠯᠵᠦ᠂ ᠤᠬᠠᠭᠤᠯᠤᠨ ᠲᠠᠨᠢᠯᠴᠠᠭᠤᠯᠬᠤ᠂ ᠥᠨᠳᠥᠷ ᠬᠡᠷᠡᠭᠯᠡᠭᠡ ᠶᠢ ᠬᠢᠵᠠᠭᠠᠷᠯᠠᠬᠤ᠂ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ ᠶᠢ ᠪᠠᠭᠲᠠᠭᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠬᠠᠮᠤᠷᠴᠤ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠬᠢᠭᠡᠳ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠭᠦᠨᠵᠡᠭᠡᠶ ᠠᠭᠤᠰᠤᠯᠴᠠᠯ ᠢ ᠪᠦᠲᠦᠮᠵᠢᠲᠡᠶ ᠠᠬᠢᠭᠤᠯᠪᠠ᠃    ᠬᠠᠤᠯᠢ ᠶᠣᠰᠣᠭᠠᠷ ᠵᠠᠰᠠᠭ ᠶᠠᠪᠤᠭᠤᠯᠬᠤ ᠲᠠᠯ᠎ᠠ ᠪᠠᠷ᠂ ᠰᠢᠯᠢ ᠶᠢᠨ ᠬᠤᠲᠠ ᠶᠢᠨ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠦᠷᠢᠮ ᠢ ᠪᠣᠳᠠᠲᠠᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠵᠠᠷᠭᠤ ᠳᠤ ᠢᠯᠠᠭᠳᠠᠭᠰᠠᠨ ᠵᠠᠷᠭᠤ ᠶᠢ ᠭᠦᠢᠴᠡᠳᠬᠡᠭᠰᠡᠨ ᠨᠤᠷᠮ᠎ᠠ ᠶᠢ 100% ᠳᠤ ᠬᠦᠷᠭᠡᠵᠦ᠂ ᠭᠤᠷᠪᠠᠨ ᠵᠦᠢᠯ ᠤᠨ ᠬᠤᠶᠠᠳᠤᠭᠠᠷ ᠳᠡᠰ ᠤᠨ ᠭᠦᠢᠴᠡᠳᠬᠡᠯ ᠲᠤᠭ᠎ᠠ ᠳᠤ ᠴᠥᠮ ᠪᠦᠷᠢᠨ ᠬᠤᠪᠢ ᠣᠯᠭᠤᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠠᠭᠤᠷᠢ ᠶᠢ ᠯᠠᠪᠳᠠᠭᠤᠨ ᠪᠠᠲᠤᠲᠠᠢ ᠪᠣᠯᠭᠠᠪᠠ᠃ ᠢᠲᠡᠭᠡᠮᠵᠢ ᠲᠠᠢ ᠪᠠᠶᠢᠵᠤ ᠠᠮᠠᠯᠠᠯᠲᠠ ᠪᠠᠨ ᠪᠡᠶᠡᠯᠡᠭᠦᠯᠬᠦ ᠲᠠᠯ᠎ᠠ ᠪᠠᠷ᠂ ᠬᠡᠳᠦ᠋ᠢᠪᠡᠷ ᠨᠠᠮ ᠪᠠ ᠣᠯᠠᠨ ᠲᠦᠮᠡᠨ ᠤ ᠪᠠᠶᠢᠭᠤᠯᠭ᠎ᠠ ᠵᠢᠴᠢ ᠠᠵᠢᠯ ᠦᠢᠯᠡᠰ ᠤᠨ ᠨᠢᠭᠡᠴᠡ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ 5 ᠬᠡᠷᠡᠭ ᠤᠨ ᠵᠢᠱᠢᠶ᠎ᠡ ᠣᠷᠣᠰᠢᠵᠤ ᠪᠠᠶᠢᠪᠠᠴᠤ᠂ ᠲᠠᠩᠰᠠᠨ ᠵᠣᠭᠤᠰ ᠢ ᠥᠷᠢᠲᠦᠵᠦ ᠤᠳᠠᠭᠠᠰᠢᠷᠠᠭᠤᠯᠤᠭᠰᠠᠨ᠂ ᠬᠦᠨᠳᠦ ᠨᠣᠴᠢᠲᠠᠶ ᠢᠲᠡᠭᠡᠯ ᠠᠯᠳᠠᠭᠰᠠᠨ ᠵᠡᠷᠭᠡ ᠬᠦᠷᠢᠶᠡᠨ ᠳᠤ ᠢᠯᠡᠷᠡᠯ ᠰᠠᠶᠢᠨ ᠪᠠᠶᠢᠵᠤ᠂ ᠢᠲᠡᠭᠡᠮᠵᠢ ᠶᠢᠨ ᠠᠮᠠᠯᠠᠯᠲᠠ ᠶᠢᠨ ᠭᠡᠷ᠎ᠡ ᠶᠢ  ᠭᠦᠢᠴᠡᠳᠬᠡᠭᠰᠡᠨ ᠨᠣᠷᠮ᠎ᠠ 100% ᠳᠤ ᠬᠦᠷᠦᠭᠰᠡᠨ ᠪᠥᠭᠡᠳ ᠬᠦᠨᠳᠦ ᠨᠣᠴᠢᠲᠠᠶ ᠢᠲᠡᠭᠡᠯ ᠠᠯᠳᠠᠭᠰᠠᠨ ᠪᠡᠶᠡᠴᠢ ᠴᠣᠭᠴᠠ ᠵᠢᠴᠢ ᠵᠠᠰᠠᠭ ᠤᠨ ᠣᠷᠳᠣᠨ ᠤ ᠭᠡᠷ᠎ᠡ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠰᠢᠨ᠎ᠡ ᠪᠠᠷ ᠨᠡᠮᠡᠭᠳᠡᠭᠦᠯᠦᠭᠰᠡᠨ ᠥᠬᠡᠶ ᠪᠠᠶᠢᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃     ᠢᠷᠡᠭᠡᠳᠦᠶ ᠪᠠᠨ ᠪᠠᠷᠠᠯᠠᠬᠤᠶ᠎ᠠ᠂  ᠰᠢᠯᠢ ᠶᠢᠨ ᠬᠤᠲᠠ ᠶᠢᠨ ᠬᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠢᠲᠡᠭᠡᠮᠵᠢ ᠶᠢᠨ ᠬᠡᠷᠡᠭᠯᠡᠭᠡᠨ ᠤ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠᠷ ᠲᠣᠯᠢ ᠪᠣᠯᠭᠠᠵᠤ᠂ ᠢᠲᠡᠭᠡᠮᠵᠢ ᠶᠢᠨ ᠪᠠᠶᠢᠭᠤᠯᠤᠯᠲᠠ ᠬᠢᠭᠡᠳ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠠᠭᠤᠰᠤᠯᠴᠠᠯ ᠤᠨ ᠠᠷᠭ᠎ᠠ ᠵᠠᠮ ᠢ ᠤᠯᠠᠮ ᠨᠢᠭᠡ ᠠᠯᠬᠤᠮ ᠬᠠᠶᠢᠨ ᠰᠦᠪᠡᠭᠴᠢᠯᠡᠵᠦ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢ ᠴᠤᠭᠯᠠᠭᠤᠯᠵᠤ ᠪᠠᠶᠢᠩᠭᠤᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠪᠥᠬᠦ ᠠᠶᠢᠮᠠᠭ ᠤᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠨᠠᠩ ᠣᠯᠠᠨ ︽ ᠰᠢᠯᠢ ᠶᠢᠨ ᠬᠤᠲᠠ ᠶᠢᠨ ᠲᠤᠷᠰᠢᠯᠭ᠎ᠠ︾ ᠶᠢ ᠨᠡᠮᠡᠷᠢᠯᠡᠨ᠎ᠡ  ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠤᠲᠠᠯ ᠤᠨ ᠮᠤᠩᠭᠤᠯ ᠰᠥᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号