ᠨᠡᠶᠢᠭᠡᠮ ᠤᠨ ᠳᠠᠭᠠᠳᠬᠠᠯ ᠤᠨ ᠲᠠᠩᠰᠨ ᠭᠡᠳᠡᠭ ᠨᠢ ᠶᠡᠷᠦ ᠳᠡᠭᠡᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠬᠤᠪᠢ ᠬᠥᠮᠦᠨ ᠤ ᠲᠠᠩᠰᠠᠨ ᠳᠠᠬᠢ ᠦᠯᠡᠳᠡᠪᠦᠷᠢ ᠮᠦᠡᠭᠭᠦ ᠪᠠ ᠡᠮ ᠡᠮᠨᠡᠯᠭᠡ ᠶᠢᠨ ᠳᠠᠭᠠᠳᠬᠠᠯ ᠤᠨ | ᠬᠤᠪᠢ ᠬᠥᠮᠦᠨ ᠤ ᠲᠠᠩᠰᠠᠨ ᠳᠠᠬᠢ ᠦᠯᠡᠳᠡᠪᠦᠷᠢ ᠮᠦᠡᠭᠭᠦ ᠶᠢ ᠵᠢᠭᠠᠵᠤ ᠪᠠᠶᠢᠨ᠎ᠠ᠂ ᠡᠩ ᠤᠨ ᠪᠠᠶᠢᠳᠠᠯ ᠳᠤᠤᠷ᠎ᠠ ᠡᠨᠡ | ᠬᠤᠶᠠᠷ ᠲᠠᠩᠰᠠᠨ ᠳᠠᠬᠢ ᠮᠦᠡᠭᠭᠦ ᠶᠢ ᠴᠥᠮ ᠳᠤᠷ᠎ᠠ ᠪᠠᠷ ᠢᠶᠠᠨ ᠭᠠᠷᠭᠠᠨ ᠠᠪᠴᠤ ᠪᠣᠯᠬᠤ ᠥᠬᠡᠶ᠂ ᠲᠡᠭᠦᠨ ᠢ ᠲᠣᠰ | ᠲᠣᠰ ᠨᠠᠰᠤᠵᠢᠯ ᠤᠨ ᠠᠰᠠᠷᠠᠮᠵᠢ ᠶᠢᠨ ᠮᠥᠩᠭᠦ ᠪᠠ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠬᠡᠷᠡᠭᠯᠡᠨ᠎ᠡ | ᠃ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠳᠠᠬᠢ ᠦᠯᠡᠳᠡᠪᠦᠷᠢ ᠮᠦᠡᠭᠭᠦ᠄ | ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ︵APP / ᠵᠢᠵᠢᠭ ᠫᠷᠤᠭ᠍ᠷᠠᠮ︶᠂ ᠭᠠᠷ ᠤᠳᠠᠰᠤᠨ ᠳᠠᠬᠢ | 12333 APP᠂ ᠤᠯᠤᠰ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠵᠡᠷᠭᠡ ᠠᠷᠭ᠎ᠠ ᠵᠠᠮ ᠢᠶᠠᠷ | ᠳᠠᠮᠵᠢᠭᠤᠯᠤᠨ ᠰᠦᠯᠵᠢᠶᠡᠨ ᠳᠡᠭᠡᠷ᠎ᠡ ᠠᠰᠠᠭᠤᠨ ᠯᠠᠪᠯᠠᠵᠤ ᠪᠣᠯᠤᠨ᠎ᠠ︔ ᠡᠮ ᠡᠮᠨᠡᠯᠭᠡ ᠶᠢᠨ ᠳᠠᠭᠠᠳᠬᠠᠯ ᠤᠨ ᠬᠤᠪᠢ | ᠬᠥᠮᠦᠨ ᠤ ᠳᠠᠩᠰᠠᠨ ᠳᠠᠬᠢ ᠦᠯᠡᠳᠡᠪᠦᠷᠢ ᠮᠦᠡᠭᠭᠦ ᠶᠢ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ | ᠬᠤᠯᠪᠣᠭᠳᠠᠯ ᠪᠦᠬᠦᠢ ᠠᠷᠭ᠎ᠠ ᠵᠠᠮ ᠢᠶᠠᠷ ᠳᠠᠮᠵᠢᠭᠤᠯᠤᠨ ᠠᠰᠠᠭᠤᠨ ᠯᠠᠪᠯᠠᠵᠤ ᠪᠣᠯᠤᠨ᠎ᠠ᠃ᠨᠡᠶᠢᠭᠡᠮ ᠤᠨ ᠪᠠᠲᠤᠯᠠᠭ᠎ᠠ ᠶᠢᠨ | ᠺᠠᠷᠲ ᠤᠨ ᠮᠥᠩᠭᠦᠨ ᠭᠦᠶᠯᠭᠡᠭᠡᠨ ᠤ ᠴᠢᠳᠠᠮᠵᠢ ᠶᠢ ᠢᠳᠡᠪᠬᠢᠵᠢᠭᠦᠯᠦᠭᠰᠡᠨ ᠤ ᠳᠠᠷᠠᠭ᠎ᠠ᠂ ᠡᠩ ᠤᠨ ᠪᠠᠩᠬᠢ ᠶᠢᠨ | ᠵᠢᠭᠡᠯᠡᠨ ᠲᠡᠮᠳᠡᠭᠯᠡᠬᠦ ᠺᠠᠷᠲ ᠪᠣᠯᠭᠠᠨ ᠬᠡᠷᠡᠭᠯᠡᠵᠦ ᠪᠣᠯᠤᠨ᠎ᠠ᠂ ᠲᠡᠷᠡ ᠨᠢ ᠪᠡᠯᠡᠨ ᠵᠣᠭᠤᠰ ᠬᠠᠳᠠᠭᠠᠯᠠᠬᠤ ᠪᠠ ᠭᠠᠷᠭᠠᠵᠤ | ᠠᠪᠬᠤ᠂ ᠲᠠᠩᠰᠠ ᠰᠢᠯᠵᠢᠭᠦᠯᠬᠦ᠂ ᠬᠡᠷᠡᠭᠯᠡᠭᠡ ᠬᠢᠬᠦ ᠵᠡᠷᠭᠡ ᠴᠢᠳᠠᠮᠵᠢ ᠲᠠᠢ ᠪᠠᠶᠢᠳᠠᠭ᠂ ᠪᠠᠰᠠ ᠨᠡᠶᠢᠭᠡᠮ ᠤᠨ | ᠳᠠᠭᠠᠳᠬᠠᠯ ᠤᠨ ᠰᠦᠢᠳᠬᠡᠯ ᠲᠤᠰᠢᠶᠠᠬᠤ᠂ ᠠᠵᠢᠯᠳᠠᠨ ᠤ ᠶᠠᠪᠤᠳᠠᠯ ᠤᠨ ᠴᠢᠳᠠᠪᠤᠷᠢᠲᠠᠨ ᠤ ᠰᠢᠯᠭᠠᠯᠲᠠ ᠬᠢᠬᠦ | ᠰᠦᠢᠳᠬᠡᠯ ᠲᠤᠰᠢᠶᠠᠬᠤ᠂ ᠨᠡᠶᠢᠭᠡᠮ ᠤᠨ ᠳᠠᠭᠠᠳᠬᠠᠯ ᠤᠨ ᠲᠣᠭᠲᠠᠮᠠᠯ ᠬᠤᠭᠤᠴᠠᠭᠠᠲᠤ ᠬᠠᠷᠠᠭᠠᠯᠵᠠᠯ ᠪᠠ ᠨᠢᠭᠡ ᠯᠡ | ᠤᠳᠠᠭ᠎ᠠ ᠶᠢᠨ ᠴᠢᠨᠠᠷᠲᠠᠢ ᠬᠠᠷᠠᠭᠠᠯᠵᠠᠯ ᠠᠪᠬᠤ᠂ ᠠᠵᠢᠯ ᠣᠯᠭᠤᠯᠲᠠ ᠶᠢᠨ ᠨᠥᠬᠦᠪᠥᠷᠢ ᠪᠡᠯᠡ ᠮᠥᠩᠭᠦ ᠶᠢ ᠠᠪᠬᠤ᠂ | ᠬᠥᠯᠥᠰᠥᠨ ᠠᠵᠢᠯᠴᠢᠨ ᠤ ᠴᠠᠯᠢᠩ ᠢᠶᠠᠨ ᠠᠪᠬᠤ᠂ ᠲᠠᠷᠢᠶᠠᠴᠢᠳ ᠲᠤ ᠠᠰᠢᠭ ᠲᠤᠰᠠ ᠬᠦᠷᠲᠡᠭᠡᠬᠦ ᠡᠳ᠋ ᠤᠨ | ᠵᠠᠰᠠᠭ ᠤᠨ ᠨᠥᠬᠦᠪᠥᠷᠢ ᠪᠡᠯᠡ ᠮᠥᠩᠭᠦ ᠶᠢ ᠠᠪᠬᠤ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ | ᠠᠪᠬᠤ ᠵᠡᠷᠭᠡ ᠪᠠᠭᠳᠠᠭᠠᠬᠰᠠᠨ ᠡᠯ᠎ᠡ ᠲᠥᠷᠥᠯ ᠤᠨ ᠰᠦᠶᠳᠬᠡᠯ ᠲᠤᠰᠢᠶᠠᠬᠤ ᠪᠠ ᠬᠠᠷᠠᠭᠠᠯᠵᠠᠯ ᠤᠨ ᠨᠥᠬᠦᠪᠥᠷᠢ | ᠠᠪᠬᠤ ᠶᠢ ᠳᠡᠮᠵᠢᠨ᠎ᠠ᠃ |