ᠡᠨᠡ ᠵᠢᠯ ᠠᠴᠠ ᠨᠠᠭᠠᠰᠢ᠂ ᠰᠢᠯᠢ ᠶᠢᠨ ᠬᠤᠲᠠ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠠᠷᠭ᠎ᠠ ᠭᠡᠯᠪᠡᠷᠢ ᠪᠠᠷ | ᠳᠠᠮᠵᠢᠭᠤᠯᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠲᠠᠯᠲᠠ ᠬᠦᠴᠦᠨ ᠢ ᠥᠷᠭᠦᠯᠵᠢᠯᠡᠨ ᠬᠥᠭᠵᠢᠭᠡᠵᠦ᠂ ᠣᠳᠣᠬᠠᠨ | ᠪᠤᠯᠲᠠᠯ᠎ᠠ ᠮᠠᠰᠢᠨ ᠲᠡᠷᠭᠡ᠂ ᠬᠤᠳᠠᠯᠳᠤᠭᠠᠨ ᠤ ᠲᠠᠯᠠᠪᠠᠢ ᠬᠠᠮ ᠳᠡᠯᠭᠡᠭᠦᠷ᠂ ᠢᠲᠡᠭᠡᠨ ᠤᠮᠳᠠᠭᠠᠨ ᠤ ᠬᠡᠷᠡᠭᠯᠡᠭᠡᠨ ᠤ | ᠲᠡᠮᠳᠡᠭᠲᠦ ᠵᠢᠴᠢ ᠪᠣᠯᠪᠠᠰᠤᠷᠠᠭᠤᠯᠤᠭᠰᠠᠨ ᠲᠤᠰᠤᠨ ᠤ ᠬᠡᠷᠡᠭᠯᠡᠭᠡᠨ ᠤ ᠲᠡᠮᠳᠡᠭᠲᠦ ᠶᠢ 1500 ᠲᠦᠮᠡᠨ ᠲᠥᠭᠦᠷᠢᠭ | ᠲᠠᠷᠬᠠᠭᠠᠵᠤ᠂ ᠰᠢᠭᠤᠳ ᠳᠠᠶᠢᠴᠢᠯᠠᠭᠰᠠᠨ ᠬᠡᠷᠡᠭᠯᠡᠭᠡᠨ ᠤ ᠬᠡᠮᠵᠢᠶ᠎ᠡ 4570 ᠲᠦᠮᠡᠨ ᠲᠥᠭᠦᠷᠢᠭ ᠢ ᠳᠠᠪᠠᠭᠰᠠᠨ | ᠪᠠᠶᠢᠨ᠎ᠠ᠃ | ᠲᠤᠮᠲᠠᠲᠤ ᠤᠯᠤᠰ ᠤᠨ ᠴᠢᠯᠠᠭᠤᠨ ᠲᠤᠰᠤᠨ ᠤ ᠰᠢᠯᠢ ᠶᠢᠨ ᠬᠤᠲᠠ ᠶᠢᠨ ᠰᠢ ᠶᠤᠸᠠᠨ ᠲᠣᠰᠣ ᠨᠡᠮᠡᠬᠦ | ᠥᠷᠲᠡᠭᠡ ᠳᠤ ᠰᠠᠭᠤᠭᠠᠯᠢ ᠠᠷᠠᠳ ᠡᠮᠬᠢ ᠳᠢᠭᠯᠢᠮ ᠲᠠᠢ ᠪᠠᠷ ᠮᠥᠷᠯᠡᠵᠦ᠂ ᠲᠡᠷᠭᠡᠨ ᠳᠡᠭᠡᠨ ᠲᠣᠰᠣ ᠨᠡᠮᠡᠵᠡᠭᠡᠨᠡ᠃ | ᠲᠡᠳᠡᠨᠡᠷ ᠠᠵᠢᠯᠲᠠᠳ ᠤᠨ ᠵᠢᠯᠣᠭᠤᠳᠤᠯᠭ᠎ᠠ ᠳᠣᠣᠷ᠎ᠠ ᠵᠣᠭᠤᠰ ᠲᠤᠰᠢᠶᠠᠬᠤ ᠶᠦᠨ ᠱᠠᠨ ᠹᠦ᠋APP ᠪᠠᠨ ᠨᠡᠭᠡᠭᠡᠵᠦ᠂ | ᠵᠠᠰᠠᠭ ᠤᠨ ᠣᠷᠳᠣᠨ ᠤ ᠬᠡᠷᠡᠭᠯᠡᠭᠡᠨ ᠤ ᠲᠡᠮᠳᠡᠭᠲᠦ ᠶᠢ ᠬᠡᠷᠡᠭᠯᠡᠨ ᠲᠣᠰᠣ ᠨᠡᠮᠡᠭᠰᠡᠨ ᠵᠣᠭᠤᠰ ᠢᠶᠠᠨ ᠲᠤᠰᠢᠶᠠᠨ᠎ᠠ᠃ | ᠲᠣᠰᠣ ᠨᠡᠮᠡᠬᠦ ᠥᠷᠲᠡᠭᠡᠨ ᠤ ᠬᠠᠷᠢᠭᠤᠴᠠᠯᠭᠠᠲᠠᠨ ᠵᠠᠩ ᠶᠠᠨ ᠴᠢᠩ᠄ ︽ᠡᠨᠡ ᠵᠢᠯ ᠤᠨ ᠪᠣᠯᠪᠠᠰᠤᠷᠠᠭᠤᠯᠤᠭᠰᠠᠨ | ᠲᠤᠰᠤᠨ ᠤ ᠪᠣᠷᠤᠯᠠᠭᠤᠯᠭ᠎ᠠ ᠶᠢᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.2% ᠢᠶᠠᠷ | ᠨᠡᠮᠡᠭᠳᠡᠪᠡ᠃ ᠮᠠᠨ ᠤ ᠺᠤᠮᠫᠠᠨᠢ ᠠᠳᠠᠯᠢ ᠪᠤᠰᠤ ᠴᠠᠭ ᠬᠤᠭᠤᠴᠠᠭ᠎ᠠ ᠶᠢ ᠦᠨᠳᠦᠰᠦᠯᠡᠨ ᠤᠯᠠᠨ ᠵᠦᠢᠯ ᠤᠨ | ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠠᠯᠢ ᠤᠯᠠᠨ ᠲᠥᠷᠥ ᠶᠢᠨ ᠪᠣᠳᠣᠯᠭ᠎ᠠ ᠨᠢ | ᠬᠡᠷᠡᠭᠯᠡᠭᠴᠢᠳ ᠲᠤ ᠬᠠᠷᠠᠭᠠᠯᠵᠠᠯ ᠬᠦᠷᠲᠡᠭᠡᠭᠰᠡᠨ ᠢᠶᠠᠷ ᠪᠠᠷᠠᠬᠤ ᠦᠭᠡᠢ ᠪᠠᠰᠠ ᠠᠵᠤ ᠠᠬᠤᠶᠢᠯᠠᠯ ᠤᠨ ᠪᠣᠷᠤᠯᠠᠭᠤᠯᠭ᠎ᠠ | ᠶᠢᠨ ᠬᠡᠮᠵᠢᠶ᠎ᠡ ᠶᠢ ᠨᠡᠮᠡᠭᠳᠡᠭᠦᠯᠦᠭᠰᠡᠨ ᠪᠠᠶᠢᠨ᠎ᠠ︾ ᠭᠡᠵᠦ ᠲᠠᠨᠢᠯᠴᠠᠭᠤᠯᠪᠠ᠃ ᠣᠶᠢᠯᠠᠭᠠᠭᠰᠠᠨ ᠢᠶᠠᠷ᠂ ᠰᠢᠯᠢ ᠶᠢᠨ ᠬᠤᠲᠠ | 3 ᠰᠠᠷ᠎ᠠ ᠶᠢᠨ 12 ᠤᠨ ᠡᠳᠦᠷ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ | ᠣᠳᠣᠬᠠᠨ ᠪᠤᠯᠲᠠᠯ᠎ᠠ ᠨᠢᠭᠡᠨᠲᠡ 9 ᠡᠭᠡᠯᠵᠢ ᠶᠢᠨ ᠮᠠᠰᠢᠨ ᠲᠡᠷᠭᠡ᠂ ᠬᠤᠳᠠᠯᠳᠤᠭᠠᠨ ᠤ ᠲᠠᠯᠠᠪᠠᠢ ᠬᠠᠮ ᠳᠡᠯᠭᠡᠭᠦᠷ᠂ | ᠢᠲᠡᠭᠡᠨ ᠤᠮᠳᠠᠭᠠᠨ᠂ ᠪᠣᠯᠪᠠᠰᠤᠷᠠᠭᠤᠯᠤᠭᠰᠠᠨ ᠲᠤᠰᠤᠨ ᠤ ᠠᠵᠢᠯ ᠲᠥᠷᠥᠯ ᠤᠨ ᠬᠡᠷᠡᠭᠯᠡᠭᠡᠨ ᠤ ᠲᠡᠮᠳᠡᠭᠲᠦ ᠶᠢ 800 | ᠲᠦᠮᠡᠨ ᠲᠥᠭᠦᠷᠢᠭ ᠲᠠᠷᠬᠠᠭᠠᠵᠤ᠂ ᠨᠢᠭᠡᠨᠲᠡ 665.1 ᠲᠦᠮᠡᠨ ᠲᠥᠭᠦᠷᠢᠭ ᠤᠨ ᠬᠡᠷᠡᠭᠯᠡᠭᠡᠨ ᠤ ᠲᠡᠮᠳᠡᠭᠲᠦ ᠶᠢ | ᠪᠣᠳᠠᠲᠠᠢ ᠠᠰᠢᠭᠯᠠᠵᠤ᠂ 4571.1 ᠲᠦᠮᠡᠨ ᠲᠥᠭᠦᠷᠢᠭ ᠤᠨ ᠬᠡᠷᠡᠭᠯᠡᠭᠡ ᠶᠢ ᠲᠠᠶᠢᠴᠢᠯᠠᠵᠥ᠂ ᠬᠡᠷᠡᠭᠯᠡᠭᠡ ᠶᠢ | ᠳᠠᠶᠢᠴᠢᠯᠠᠭᠰᠠᠨ ᠬᠠᠷᠢᠴᠠᠯ 687.3% ᠭᠦᠷᠪᠠ᠃ ᠮᠠᠰᠢᠨ ᠲᠡᠷᠭᠡᠨ ᠤ ᠬᠡᠷᠡᠭᠯᠡᠭᠡᠨ ᠤ ᠲᠡᠮᠳᠡᠭᠲᠦ ᠶᠢ 700 ᠲᠦᠮᠡᠨ | ᠲᠥᠭᠦᠷᠢᠭ ᠲᠠᠷᠬᠠᠭᠠᠵᠤ᠂ ᠵᠢᠱᠢᠯᠲᠡ ᠪᠠᠷ 620 ᠲᠦᠮᠡᠨ ᠲᠥᠭᠦᠷᠢᠭ ᠤᠨ ᠬᠡᠷᠡᠭᠯᠡᠭᠡᠨ ᠤ ᠲᠡᠮᠳᠡᠭᠲᠦ ᠶᠢ ᠪᠣᠳᠠᠲᠠᠢ | ᠠᠰᠢᠭᠯᠠᠨ 2.2 ᠳ᠋ᠥᠡᠭᠰᠢᠭᠤᠷ ᠲᠥᠭᠦᠷᠢᠭ ᠤᠨ ᠬᠡᠷᠡᠭᠯᠡᠭᠡ ᠶᠢ ᠲᠠᠶᠢᠴᠢᠯᠠᠵᠥ᠂ ᠬᠡᠷᠡᠭᠯᠡᠭᠡ ᠶᠢ ᠳᠠᠶᠢᠴᠢᠯᠠᠭᠰᠠᠨ | ᠬᠠᠷᠢᠴᠠᠯ 3548.4% ᠬᠦᠷᠬᠦ ᠪᠣᠯᠣᠨ᠎ᠠ᠃ | ᠰᠢᠯᠢ ᠶᠢᠨ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠯᠢ ᠯᠢ᠄ ︽ᠲᠠᠷᠠᠭᠠᠴᠢ ᠪᠠᠷ᠂ ᠪᠢᠲᠠ ᠪᠦᠭᠦ ᠲᠠᠯ᠎ᠠ ᠪᠠᠷ ᠬᠡᠷᠡᠭᠯᠡᠭᠡ ᠶᠢ ᠳᠠᠶᠢᠴᠢᠯᠠᠬᠤ ᠭᠤᠣᠯᠳᠠᠯᠭ᠎ᠠ ᠲᠠᠢ ᠠᠵᠢᠯ ᠢ | ᠥᠷᠭᠦᠯᠵᠢᠯᠡᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠬᠡᠪᠴᠢᠶ᠎ᠡ᠂ ᠴᠢᠬᠤᠯᠠ ᠴᠠᠭ | ᠬᠤᠭᠤᠴᠠᠭ᠎ᠠ ᠪᠣᠯᠣᠨ ᠭᠤᠣᠯᠳᠠᠯᠭ᠎ᠠ ᠲᠠᠢ ᠤᠯᠠᠨ ᠲᠦᠮᠡᠨ ᠳᠤ ᠲᠥᠪᠯᠡᠷᠡᠭᠦᠯᠦᠨ ᠵᠠᠰᠠᠭ ᠤᠨ ᠣᠷᠳᠣᠨ ᠤ ᠨᠥᠬᠦᠪᠦᠷᠢ | ᠪᠠ ᠠᠵᠤ ᠠᠬᠤᠶᠢᠯᠠᠯ ᠤᠨ ᠬᠡᠷᠡᠭᠯᠡᠭᠡ ᠶᠢ ᠳᠠᠶᠢᠴᠢᠯᠠᠬᠤ ᠬᠠᠮᠲᠤᠷᠠᠯ ᠤᠨ ᠬᠦᠴᠦᠨ ᠤ ᠨᠥᠯᠥᠭᠡᠯᠡᠯ ᠢ ᠥᠷᠭᠦᠯᠵᠢᠯᠡᠨ | ᠰᠠᠶᠢᠲᠤᠷ ᠪᠠᠳᠠᠷᠠᠭᠤᠯᠵᠤ᠂ ᠬᠡᠷᠡᠭᠯᠡᠭᠡᠨ ᠤ ᠲᠠᠯᠲᠠ ᠬᠦᠴᠦᠨ ᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ | ᠬᠡᠷᠡᠭᠯᠡᠭᠡ ᠪᠠᠷ ᠠᠵᠤ ᠠᠬᠤᠢ ᠶᠢ ᠳᠠᠶᠢᠴᠢᠯᠠᠬᠤ ᠦᠢᠯᠡᠳᠦᠯ ᠢ ᠦᠨᠡᠨᠬᠦ ᠴᠢᠩᠭᠠᠷᠠᠭᠤᠯᠤᠨ᠎ᠠ᠃ ᠨᠠᠭᠠᠳᠤᠮ ᠤᠨ | ᠬᠤᠷᠠᠯ ᠤᠨ ᠬᠤᠭᠤᠴᠠᠭᠠᠨ ᠳᠤ ᠬᠤᠳᠠᠯᠳᠤᠭᠠᠨ ᠤ ᠲᠠᠯᠠᠪᠠᠢ ᠬᠠᠮ ᠳᠡᠯᠭᠡᠭᠦᠷ᠂ ᠢᠲᠡᠭᠡᠨ ᠤᠮᠳᠠᠭᠠᠨ ᠤ ᠬᠡᠷᠡᠭᠯᠡᠭᠡᠨ ᠤ | ᠲᠡᠮᠳᠡᠭᠲᠦ ᠶᠢ 100 ᠭᠠᠷᠤᠢ ᠲᠦᠮᠡᠨ ᠲᠥᠭᠦᠷᠢᠭ ᠲᠠᠷᠬᠠᠭᠠᠵᠤ᠂ ᠵᠢᠭᠤᠯᠴᠢᠯᠠᠯ ᠤᠨ ᠬᠥᠭᠵᠢᠶᠡᠨᠲᠡᠢ ᠤᠯᠠᠷᠢᠯ ᠳᠤ | ᠥᠷᠭᠦᠯᠵᠢᠯᠡᠨ ᠬᠡᠷᠡᠭᠯᠡᠭᠡ ᠶᠢ ᠳᠠᠶᠢᠴᠢᠯᠠᠬᠤ ᠪᠠᠷ ᠲᠥᠯᠥᠪᠯᠡᠵᠦ ᠪᠤᠢ︾ ᠭᠡᠵᠦ ᠲᠠᠨᠢᠯᠴᠠᠭᠤᠯᠪᠠ᠃ |