6 ᠰᠠᠷ᠎ᠠ ᠶᠢᠨ 16 ᠤ ᠡᠳᠦᠷ᠂ ᠷᠠᠰᠢᠶᠠᠨᠪᠣᠯᠠᠭ ᠪᠠᠯᠭᠠᠰᠤ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠠᠬᠢᠭᠤᠯᠬᠤ ᠬᠤᠷᠠᠯ ᠵᠢᠴᠢ | ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠡᠷᠳᠡᠨᠢ ᠬᠤᠷᠠᠯ ᠢ ᠡᠷᠭᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠠᠶᠠᠨᠨᠡᠮᠡᠬᠦ᠂ ᠪᠠᠯᠭᠠᠰᠤᠨ ᠤ ᠨᠠᠮ ᠵᠠᠰᠠᠭ ᠤᠨ ᠪᠠᠭ ᠤᠨ | ᠪᠦᠷᠢᠯᠳᠦᠬᠦᠨ᠂ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠭᠠᠴᠠᠭ᠎ᠠ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ᠂ ᠪᠠᠯᠭᠠᠰᠤᠨ ᠤ ᠪᠠᠶᠢᠭᠤᠯᠤᠯᠭ᠎ᠠ ᠶᠢᠨ ᠪᠥᠬᠦ | ᠺᠠᠳ᠋ᠷᠴᠤᠳ ᠬᠤᠷᠠᠯ ᠳᠤ ᠣᠷᠣᠯᠴᠠᠵᠠᠶ᠃ | ᠬᠤᠷᠠᠯ ᠠᠴᠠ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠨᠡᠶᠢᠲᠡᠯᠢᠭ ᠬᠡᠷᠡᠭ ᠤᠨ | ᠵᠢᠱᠢᠶ᠎ᠡ ᠶᠢ ᠵᠠᠷᠯᠠᠨ ᠮᠡᠳᠡᠭᠳᠡᠬᠦ ᠶᠢ ᠤᠯᠠᠮᠵᠢᠯᠠᠨ ᠰᠤᠷᠤᠯᠴᠠᠪᠠ᠃ ᠡᠭᠦᠨ ᠤ ᠵᠡᠷᠭᠡ ᠳᠤ᠂ ᠪᠥᠬᠦ ᠪᠠᠯᠭᠠᠰᠤᠨ ᠤ | ᠲᠣᠭᠲᠠᠭᠠᠯ ᠠᠴᠠ ᠵᠥᠷᠢᠴᠡᠨ ᠢᠳᠡᠵᠦ ᠦᠦᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠳᠠᠬᠢᠨ | ᠳᠠᠶᠢᠴᠢᠯᠠᠵᠤ᠂ ᠳᠠᠬᠢᠨ ᠪᠠᠶᠢᠷᠢᠯᠠᠭᠤᠯᠪᠠ᠃ | | | | | ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ | ᠲᠣᠭᠲᠠᠭᠠᠯ ᠠᠴᠠ ᠵᠥᠷᠢᠴᠡᠨ ᠢᠳᠡᠵᠦ ᠦᠦᠭᠤᠬᠤ ᠨᠢ ᠦᠵᠡᠬᠦ ᠳᠤ ᠶᠠᠯᠢᠮ ᠥᠬᠡᠶ ᠶᠠᠪᠤᠳᠠᠯ ᠰᠢᠭ᠋ ᠪᠣᠯᠪᠠᠴᠤ | ᠦᠨᠡᠨ ᠳᠡᠭᠡᠨ ᠤᠯᠤᠰ ᠲᠥᠷᠥ ᠶᠢᠨ ᠠᠰᠠᠭᠤᠳᠠᠯ᠂ ᠰᠤᠷᠲᠠᠯ ᠤᠨ ᠠᠰᠠᠭᠤᠳᠠᠯ ᠮᠥᠨ᠂ ᠡᠨᠡ ᠨᠢ ᠲᠥᠪ ᠬᠤᠷᠢᠶᠠᠨ ᠤ | ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠢᠶᠠᠷ ᠪᠠᠷᠠᠬᠤ ᠥᠬᠡᠶ᠂ ᠨᠠᠩ ᠴᠤ ᠠᠯᠢ | ᠣᠯᠠᠨ ᠢᠯᠵᠠᠷᠠᠯ ᠤᠨ ᠠᠰᠠᠭᠤᠳᠠᠯ ᠡᠭᠦᠰᠴᠦ᠂ ᠨᠠᠮ ᠤᠨ ᠠᠵᠢᠯ ᠦᠢᠯᠡᠰ ᠪᠠ ᠠᠷᠠᠳ ᠲᠦᠮᠡᠨ ᠤ ᠠᠰᠢᠭ | ᠲᠤᠰᠠ ᠳᠤ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠬᠤ ᠪᠣᠯᠤᠨ᠎ᠠ᠃ ᠤᠯᠤᠰ ᠲᠦᠷᠦ ᠶᠢ ᠡᠷᠬᠢᠮᠯᠡᠬᠦ᠂ ᠶᠡᠭᠡ | ᠲᠠᠯ᠎ᠠ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ | ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠡᠷᠡᠰ ᠪᠠᠲᠤ ᠡᠷᠡᠰ ᠵᠣᠷᠢᠭ᠂ ᠬᠦᠴᠦᠲᠡᠶ ᠠᠷᠭ᠎ᠠ | ᠬᠡᠮᠵᠢᠶ᠎ᠡ ᠪᠠᠷ ᠡᠨᠡ ᠤᠳᠠᠭᠠᠨ ᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ᠂ ᠤᠳᠠᠭᠠᠨ ᠳᠠᠭᠠᠭᠠᠮᠠᠭᠠᠶ ᠲᠠᠶᠢᠨ ᠢ ᠡᠷᠡᠰ | ᠰᠠᠶᠢᠨ ᠬᠢᠬᠦ ᠬᠡᠷᠡᠭᠲᠡᠶ᠃ ᠬᠤᠶᠠᠷ ᠲᠤ ᠠᠵᠢᠯ ᠤᠨ ᠭᠤᠣᠯᠳᠠᠯᠭ᠎ᠠ ᠶᠢ ᠲᠤᠪᠤᠶᠢᠯᠭᠠᠪᠠ᠃ ᠡᠯ᠎ᠡ ᠨᠠᠮ ᠤᠨ ᠡᠭᠦᠷ | ᠡᠷᠬᠡᠪᠰᠢ ᠱᠠᠭᠠᠷᠳᠠᠯᠭ᠎ᠠ ᠶᠣᠰᠣᠭᠠᠷ ᠨᠠᠮ ᠤᠨ ᠭᠡᠰᠢᠭᠦᠨ᠂ ᠺᠠᠳ᠋ᠷᠴᠤᠳ ᠢ ᠦᠳᠲᠡᠷ ᠲᠦᠷᠭᠡᠨ ᠵᠣᠬᠢᠶᠠᠨ ᠪᠠᠶᠢᠭᠤᠯᠵᠤ | ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠥᠷᠨᠢᠭᠦᠯᠬᠦ ᠬᠡᠷᠡᠭᠲᠡᠶ᠃ ᠪᠠᠯᠭᠠᠰᠤᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠬᠢᠨ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ | ᠢᠳᠡᠵᠦ ᠤᠤᠭᠤᠭᠰᠠᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠴᠤᠬᠤᠶᠢᠯᠲᠠ ᠶᠢᠨ | ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠰᠠᠨᠠᠭᠤᠯᠤᠨ ᠶᠠᠷᠢᠯᠴᠠᠵᠤ᠂ ᠰᠢᠭᠦᠮᠵᠢᠯᠡᠨ | ᠰᠤᠷᠭᠠᠵᠤ᠂ ᠪᠠᠭ᠎ᠠ ᠠᠯᠳᠠᠭ᠎ᠠ ᠠᠴᠠ ᠶᠡᠭᠡ ᠠᠯᠳᠠᠭ᠎ᠠ ᠭᠠᠷᠬᠤ ᠶᠢ ᠰᠡᠷᠭᠡᠶᠢᠯᠡᠬᠦ ᠬᠡᠷᠡᠭᠲᠡᠢ︔ ᠲᠦᠷᠢᠮ ᠲᠣᠭᠲᠠᠭᠠᠯ | ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠥᠷᠢᠴᠡᠭᠰᠡᠨ ᠠᠰᠠᠭᠤᠳᠠᠯ ᠢ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ | ᠴᠠᠭᠠᠵᠠ ᠶᠢᠨ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠂ ᠶᠠᠭᠠᠬᠢᠭᠰᠠᠨ ᠴᠤ ᠢᠯᠳᠠᠷ ᠬᠠᠶᠠᠵᠤ | ᠪᠣᠯᠬᠤ ᠦᠭᠡᠢ᠃ ᠭᠤᠷᠪᠠ ᠳᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠠᠢ᠃ | ᠪᠠᠯᠭᠠᠰᠤᠨ ᠤ ᠨᠠᠮ ᠤᠨ ᠬᠤᠷᠢᠶ᠎ᠠ᠂ ᠡᠯ᠎ᠡ ᠨᠠᠮ ᠤᠨ ᠡᠭᠦᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ | ᠲᠥᠪᠯᠡᠷᠡᠭᠦᠯᠦᠨ ᠴᠡᠭᠴᠡᠯᠡᠨ ᠵᠠᠰᠠᠬᠤ ᠶᠢ ᠣᠳᠣᠬᠠᠨ ᠤ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ | ᠪᠣᠯᠭᠠᠬᠤ ᠬᠡᠷᠡᠭᠲᠡᠢ᠃ ᠤᠳᠤᠷᠢᠳᠬᠤ ᠪᠠᠭ ᠤᠨ ᠪᠦᠷᠢᠯᠳᠦᠬᠦᠨ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠠᠷᠢᠭᠤᠨ | ᠴᠢᠬᠡᠴᠢ ᠪᠠᠷ ᠪᠡᠶ᠎ᠡ ᠪᠠᠨ ᠱᠠᠭᠠᠷᠳᠠᠬᠤ ᠡᠯ᠎ᠡ ᠵᠦᠢᠯ ᠤᠨ ᠲᠣᠭᠲᠠᠭᠠᠯ ᠢ ᠲᠦᠷᠦᠭᠦᠯᠡᠨ ᠵᠢᠷᠤᠮᠯᠠᠵᠤ᠂ ︽ᠨᠢᠭᠡ | ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠬᠤᠪᠢᠳᠠᠨ ᠬᠠᠮᠢᠶᠠᠷᠴᠤ | ᠪᠠᠶᠢᠭ᠎ᠠ ᠺᠠᠳ᠋ᠷ ᠪᠠ ᠳᠠᠭᠠᠭᠠᠴᠢᠯᠠᠭᠰᠠᠨ ᠭᠠᠴᠠᠭ᠎ᠠ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ | ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠲᠥᠪ ᠬᠤᠷᠢᠶᠠᠨ ᠤ ᠨᠠᠢᠮᠠᠨ ᠵᠦᠢᠯ ᠤᠨ | ᠲᠣᠭᠲᠠᠭᠠᠯ ᠤᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠵᠢᠷᠤᠮᠯᠠᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ | ᠤᠤᠭᠤᠬᠤ ᠵᠡᠷᠭᠡ ᠮᠠᠭᠤ ᠰᠤᠷᠲᠠᠯ ᠢ ᠡᠰᠡᠷᠭᠦᠴᠡᠨ ᠬᠤᠷᠢᠭᠯᠠᠬᠤ ᠬᠡᠷᠡᠭᠲᠡᠶ᠃ | ᠬᠤᠷᠠᠯ ᠤᠨ ᠳᠠᠷᠠᠭ᠎ᠠ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠡᠷᠳᠡᠨᠢ ᠭᠠᠴᠠᠭ᠎ᠠ ᠨᠡᠶᠢᠭᠡᠮ ᠲᠣᠭᠤᠷᠢᠭ ᠤᠨ | ︽ᠬᠤᠶᠠᠷ ᠵᠥᠪᠯᠡᠯ︾ ᠤᠨ ᠪᠦᠷᠢᠯᠳᠦᠬᠦᠨ᠂ ᠰᠠᠭᠤᠭ᠎ᠠ ᠭᠠᠵᠠᠷ ᠤᠨ ᠥᠷᠲᠡᠭᠡ ᠭᠠᠵᠠᠷ᠂ ᠠᠵᠤ ᠠᠬᠤᠶᠢᠯᠠᠯ ᠤᠨ | ᠬᠠᠷᠢᠭᠤᠴᠠᠯᠭᠠᠲᠠᠨ ᠪᠠ ᠪᠠᠯᠭᠠᠰᠤᠨ ᠤ ᠪᠠᠶᠢᠭᠤᠯᠤᠯᠭ᠎ᠠ ᠶᠢᠨ ᠪᠥᠬᠦ ᠺᠠᠳ᠋ᠷ ᠠᠵᠢᠯᠲᠠᠳ ᠲᠠᠢ ᠰᠤᠷᠤᠯᠴᠠᠯᠭ᠎ᠠ | ᠬᠥᠮᠦᠵᠢᠯ ᠤᠨ ᠲᠤᠰᠬᠠᠶ ᠰᠡᠳᠦᠪ ᠢᠶᠠᠷ ᠰᠡᠳᠬᠢᠯ ᠤᠨ ᠦᠭᠡ ᠪᠠᠨ ᠶᠠᠷᠢᠯᠴᠠᠪᠠ᠃ | | | |