6 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠲᠥᠪ ᠤᠨ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠬᠤᠶᠠᠳᠤᠭᠠᠷ ᠳᠤᠭᠤᠶᠢᠯᠠᠩ ᠤᠨ | ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠵᠢᠴᠢ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠸᠢᠳᠢᠤ᠋ ᠬᠤᠷᠠᠯ ᠢ ᠡᠷᠭᠢᠯᠡᠨ ᠬᠤᠷᠠᠯᠳᠤᠭᠤᠯᠵᠤ᠂ | ᠠᠶᠢᠮᠠᠭ ᠬᠤᠲᠠ ᠳᠠᠷᠠᠭᠠᠯᠠᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠢ ᠰᠣᠨᠣᠰᠴᠤ᠂ ᠠᠵᠢᠯ ᠢ ᠨᠢᠭᠡᠳ | ᠨᠢᠭᠡ ᠪᠠᠷ ᠲᠣᠬᠢᠷᠠᠭᠤᠯᠤᠨ ᠪᠠᠶᠢᠷᠢᠯᠠᠭᠤᠯᠪᠠ᠃ | ᠸᠠᠩ ᠯᠢ ᠰᠢᠶᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ | ᠪᠣᠯ ᠥᠪᠥᠷ ᠮᠣᠩᠭᠤᠯ ᠤᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠲᠤᠬᠠᠢ ᠨᠢᠭᠡ ᠤᠳᠠᠭ᠎ᠠ ᠶᠢᠨ ᠤᠯᠤᠰ ᠲᠥᠷᠥ ᠶᠢᠨ ᠪᠠᠶᠢᠴᠠᠭᠠᠯᠲᠠ | ᠪᠣᠯᠣᠨ᠎ᠠ᠂ ᠡᠷᠬᠡᠪᠰᠢ ᠤᠯᠤᠰ ᠲᠥᠷᠥ ᠶᠢᠨ ᠲᠠᠯ᠎ᠠ ᠠᠴᠠ ᠦᠵᠡᠵᠦ᠂ ᠤᠯᠤᠰ ᠲᠥᠷᠥ ᠶᠢᠨ ᠲᠠᠯ᠎ᠠ ᠠᠴᠠ ᠭᠦᠢᠴᠡᠳᠬᠡᠵᠦ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ᠶᠡᠷᠦᠩᠬᠡᠢ ᠱᠦᠵᠢ ᠶᠢᠨ | ᠴᠢᠬᠤᠯᠠ ᠨᠠᠶᠢᠳᠠᠯᠭ᠎ᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ | ᠭᠠᠷᠭᠠᠵᠤ᠂ ︽ᠥᠨᠳᠥᠷ ᠡᠷᠭᠦᠵᠦ᠂ ᠬᠥᠩᠭᠡᠨ ᠢᠶᠠᠷ ᠲᠠᠯᠪᠢᠬᠤ︾ ᠶᠢ ᠡᠷᠡᠰ ᠰᠡᠷᠭᠡᠶᠢᠯᠡᠬᠦ ᠬᠡᠷᠡᠭᠲᠡᠢ᠃ ᠢᠯᠠᠩᠭᠤᠶ᠎ᠠ | ᠲᠦᠩᠯᠢᠶᠣᠣ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠢ ᠡᠪᠳᠡᠭᠰᠡᠨ ᠠᠰᠠᠭᠤᠳᠠᠯ ᠤᠨ ᠬᠦᠨᠳᠦ ᠨᠣᠴᠢᠲᠠᠢ | ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠵᠦᠢᠯ ᠳᠠᠷᠠᠭᠠᠯᠠᠨ ᠲᠣᠭᠲᠠᠭᠠᠵᠤ᠂ ᠪᠦᠭᠦ ᠣᠷᠣᠨ ᠳᠤ ᠡᠶᠢᠮᠦᠷᠬᠦ ᠠᠰᠠᠭᠤᠳᠠᠯ ᠢ ᠵᠢᠭᠰᠠᠭᠠᠨ ᠪᠠᠶᠢᠴᠠᠭᠠᠵᠤ᠂ | ᠪᠠᠭᠠᠲᠤᠷ ᠡᠷ᠎ᠡ ᠪᠠᠭᠤᠤ ᠪᠠᠨ ᠴᠠᠪᠴᠢᠬᠤ ᠡᠷᠡᠰ ᠵᠣᠷᠢᠭ ᠢᠶᠠᠷ ᠣᠶ ᠰᠢᠭᠤᠢ ᠨᠤᠲᠤᠭ ᠪᠡᠯᠴᠢᠭᠡᠷ ᠢ ᠡᠪᠳᠡᠭᠰᠡᠨ ᠳᠦᠷᠢᠮ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠣᠳᠠᠲᠠᠢ | ᠠᠳᠬᠤᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠸᠠᠩ ᠯᠢ ᠰᠢᠶᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠵᠤ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠵᠢᠴᠢ ᠬᠠᠷᠢᠭᠤ ᠲᠤᠰᠬᠠᠭᠰᠠᠨ | ᠠᠰᠠᠭᠤᠳᠠᠯ ᠢ ᠰᠢᠢᠳᠪᠦᠷᠢᠯᠡᠬᠦ ᠳᠤ ᠡᠷᠬᠡᠪᠰᠢ ︽ᠨᠢᠭᠡ ᠲᠦᠷᠦᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠦᠨ︾ | ᠵᠠᠳᠠᠯᠤᠯᠲᠠ ᠬᠢᠵᠦ᠂ ︽ᠲᠦᠷᠭᠡᠨ︾ ᠪᠥᠭᠡᠳ ︽ᠰᠠᠶᠢᠨ︾ ᠪᠠᠶᠢᠬᠤ ᠶᠢ ᠪᠡᠶᠡᠯᠡᠭᠦᠯᠬᠦ ᠬᠡᠷᠡᠭᠲᠡᠢ᠂ ᠲᠥᠪᠯᠡᠷᠡᠭᠦᠯᠦᠨ | ᠴᠡᠭᠴᠡᠯᠡᠨ ᠰᠠᠶᠢᠵᠢᠷᠠᠭᠤᠯᠬᠤ ᠳᠤ ᠭᠦᠷ ᠬᠥᠭᠵᠢᠶᠡᠨ ᠲᠠᠢ ᠬᠢᠵᠦ᠂ ᠦᠷᠭᠦᠯᠵᠢᠯᠡᠨ ᠴᠡᠭᠴᠡᠯᠡᠨ ᠰᠠᠶᠢᠵᠢᠷᠠᠭᠤᠯᠬᠤ ᠳᠤ | ᠠᠰᠠᠭᠤᠵᠤ ᠰᠣᠨᠢᠷᠬᠠᠬᠤ ᠬᠥᠮᠥᠨ ᠦᠭᠡᠢ ᠪᠠᠶᠢᠵᠤ ᠪᠤᠯᠬᠤ ᠦᠭᠡᠢ᠂ ︽ᠡᠮᠦᠨ᠎ᠡ ᠨᠢ ᠴᠢᠩᠭ᠎ᠠ ᠬᠤᠶᠢᠨ᠎ᠠ ᠨᠢ ᠰᠤᠯᠠ᠂ | ᠬᠤᠶᠢᠷᠭᠤᠰᠢᠷᠠᠭᠤᠯᠤᠨ ᠤᠳᠠᠭᠠᠰᠢᠷᠠᠭᠤᠯᠬᠤ︾ ᠶᠢ ᠡᠷᠡᠰ ᠰᠡᠷᠭᠡᠶᠢᠯᠡᠬᠦ ᠬᠡᠷᠡᠭᠲᠡᠢ᠃ ᠳᠠᠪᠬᠤᠷᠳᠠᠭᠰᠠᠨ ᠵᠠᠬᠢᠳᠠᠯ | ᠰᠤᠷᠪᠤᠯᠵᠢᠯᠠᠯ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠡᠭᠴᠡᠯᠡᠨ ᠰᠠᠶᠢᠵᠢᠷᠠᠭᠤᠯᠤᠭᠰᠠᠨ | ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠵᠤ᠂ ᠵᠤᠷᠪᠤᠰ ᠳᠠᠷᠠᠭᠠᠯᠠᠨ ᠴᠠᠭ ᠤᠨ | ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠴᠢᠩᠭ᠎ᠠ ᠬᠢᠨᠠᠨ ᠡᠵᠡᠮᠳᠡᠵᠦ᠂ ᠠᠷᠭ᠎ᠠ ᠪᠦᠭᠦᠨ ᠢ | ᠰᠦᠪᠡᠭᠴᠢᠯᠡᠵᠦ ᠪᠠᠶᠢᠭᠠᠳ ᠰᠢᠢᠳᠪᠦᠷᠢᠯᠡᠬᠦ ᠶᠠᠰᠤ ᠴᠢᠨᠠᠷ ᠪᠣᠯᠣᠨ ᠰᠢᠢᠳᠪᠦᠷᠢᠯᠡᠵᠦ ᠳᠠᠭᠤᠰᠬᠠᠬᠤ ᠨᠣᠷᠮ᠎ᠠ ᠶᠢ | ᠳᠡᠭᠡᠭᠰᠢᠯᠡᠭᠦᠯᠵᠦ᠂ ᠦᠨᠡᠨ ᠪᠣᠳᠠᠲᠠᠢ ᠴᠡᠭᠴᠡᠯᠡᠨ ᠰᠠᠶᠢᠵᠢᠷᠠᠭᠤᠯᠬᠤ᠂ ᠦᠨᠡᠨ ᠪᠣᠳᠠᠲᠠᠢ ᠨᠠᠶᠢᠳᠠᠪᠤᠷᠢᠲᠠᠢ ᠪᠠᠶᠢᠬᠤ ᠶᠢ | ᠦᠨᠡᠨ ᠬᠦ ᠪᠠᠲᠤᠯᠠᠵᠤ᠂ ︽ᠣᠪ ᠮᠡᠭᠡ ᠭᠠᠷᠭᠠᠬᠤ᠂ ᠬᠤᠳᠠᠯ ᠬᠡᠯᠡᠵᠦ ᠬᠤᠯᠤ ᠲᠠᠷᠢᠬᠤ︾ ᠶᠢ ᠡᠷᠡᠰ ᠰᠡᠷᠭᠡᠶᠢᠯᠡᠬᠦ ᠬᠡᠷᠡᠭᠲᠡᠢ᠃ | ᠴᠡᠭᠴᠡᠯᠡᠨ ᠰᠠᠶᠢᠵᠢᠷᠠᠭᠤᠯᠬᠤ ᠳᠤ ᠶᠠᠭᠤ ᠪᠠᠶᠢᠪᠠᠯ ᠶᠠᠭᠤ ᠶᠢ ᠯᠠ ᠶᠠᠷᠢᠵᠤ ᠪᠤᠯᠬᠤ ᠦᠭᠡᠢ᠂ ᠡᠷᠬᠡᠪᠰᠢ ᠰᠢᠰᠲ᠋ᠧᠮᠲᠦ | ᠰᠡᠳᠬᠢᠬᠦᠢ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠤᠰᠤ ᠬᠡᠷᠡᠭᠯᠡᠬᠦ ᠵᠡᠷᠭᠡ ᠨᠡᠶᠢᠲᠡᠯᠢᠭ ᠴᠢᠨᠠᠷᠲᠠᠢ | ᠠᠰᠠᠭᠤᠳᠠᠯ ᠢ ᠪᠦᠭᠦ ᠣᠷᠣᠨ ᠳᠤ ᠨᠢᠭᠡᠳᠦᠯᠲᠡᠢ ᠲᠥᠯᠥᠪᠵᠢᠭᠦᠯᠦᠨ ᠰᠢᠢᠳᠪᠦᠷᠢᠯᠡᠬᠦ ᠶᠢ ᠪᠠᠷᠢᠮᠲᠠᠯᠠᠵᠤ᠂ | ︽ᠰᠠᠶᠢᠵᠢᠷᠠᠭᠤᠯᠬᠤ ᠶᠢᠨ ᠳᠠᠭᠠᠤ ᠵᠥᠷᠢᠴᠡᠬᠦ᠂ ᠰᠠᠶᠢᠵᠢᠷᠠᠭᠤᠯᠤᠭᠠᠳ ᠳᠠᠭᠢᠨ ᠵᠥᠷᠢᠴᠡᠬᠦ︾ ᠶᠢ ᠡᠷᠡᠰ ᠰᠡᠷᠭᠡᠶᠢᠯᠡᠬᠦ | ᠬᠡᠷᠡᠭᠲᠡᠢ᠃ ᠡᠯ᠎ᠡ ᠠᠶᠢᠮᠠᠭ ᠬᠤᠲᠠ ᠶᠢᠨ ᠬᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ | ᠪᠠᠶᠢᠷᠢ ᠳᠤ ᠬᠤᠶᠠᠷ ᠵᠦᠢᠯ ᠤᠨ ᠬᠠᠷᠢᠭᠤᠴᠠᠯᠭ᠎ᠠ ᠲᠠᠢ ᠪᠠᠶᠢᠬᠤ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯ | ᠬᠠᠷᠢᠭᠤᠴᠠᠯᠭᠠᠲᠠᠨ ᠨᠥᠬᠦᠳ ᠰᠡᠳᠬᠢᠯ ᠲᠠᠯᠪᠢᠨ ᠬᠠᠨᠳᠤᠵᠤ᠂ ᠰᠡᠳᠬᠢᠯ ᠲᠠᠯᠪᠢᠨ ᠬᠥᠳᠡᠯᠦᠯᠴᠡᠵᠦ᠂ ᠴᠡᠭᠴᠡᠯᠡᠨ | ᠰᠠᠶᠢᠵᠢᠷᠠᠭᠤᠯᠬᠤ ᠲᠠᠯ᠎ᠠ ᠪᠠᠷ ᠳᠣᠲᠣᠷ᠎ᠠ ᠪᠠᠨ ᠲᠤᠭ᠎ᠠ ᠲᠠᠢ ᠪᠠᠶᠢᠵᠤ᠂ ︽ᠨᠢᠭᠡ ᠯᠡ ᠱᠤᠭᠤᠮ︾ ᠢᠶᠠᠷ ᠲᠤᠭᠤᠰᠢᠲᠠᠢ | ᠠᠩᠬᠠᠷᠴᠤ᠂ ︽ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠱᠠᠲᠤ ᠱᠠᠲᠤ ᠪᠠᠷ ᠬᠤᠭᠤᠰᠤᠳᠠᠬᠤ︾ ᠶᠢ ᠡᠷᠡᠰ ᠰᠡᠷᠭᠡᠶᠢᠯᠡᠬᠦ | ᠬᠡᠷᠡᠭᠲᠡᠢ ᠭᠡᠵᠦ ᠱᠠᠭᠠᠷᠳᠠᠪᠠ᠃ | ᠲᠡᠷᠡ᠂ ᠴᠡᠭᠴᠡᠯᠡᠨ ᠰᠠᠶᠢᠵᠢᠷᠠᠭᠤᠯᠬᠤ ᠨᠢ ᠠᠵᠢᠯ ᠢᠶᠠᠨ ᠨᠠᠩ ᠰᠠᠶᠢᠲᠤᠷ ᠰᠠᠶᠢᠵᠢᠷᠠᠭᠤᠯᠤᠨ ᠳᠡᠭᠡᠭᠰᠢᠯᠡᠭᠦᠯᠭᠦ ᠶᠢᠨ | ᠲᠥᠯᠥᠭᠡ ᠶᠤᠮ᠂ ᠬᠤᠶᠠᠷ ᠲᠠᠯ᠎ᠠ ᠪᠠᠷ ᠠᠳᠬᠤᠵᠤ᠂ ᠬᠤᠶᠠᠷ ᠢ ᠠᠬᠢᠭᠤᠯᠵᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠲᠥᠪ ᠤᠨ ᠲᠣᠭᠤᠷᠢᠨ ᠪᠠᠶᠢᠴᠠᠭᠠᠯᠲᠠ ᠶᠢᠨ ᠵᠢᠭᠠᠵᠤ ᠭᠠᠷᠭᠠᠭᠰᠠᠨ | ᠳᠠᠷᠤᠢ ᠳᠤᠨᠢ ᠬᠡᠷᠡᠭᠵᠢᠭᠦᠯᠵᠦ ᠳᠠᠷᠤᠢ ᠳᠤᠨᠢ ᠰᠠᠶᠢᠵᠢᠷᠠᠭᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠢ | ᠤᠶᠠᠯᠳᠤᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ | ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠲᠠᠢ ᠤᠶᠠᠯᠳᠤᠭᠤᠯᠵᠤ᠂ ︽ᠨᠢᠭᠡ ᠲᠠᠯ᠎ᠠ ᠶᠢ ᠠᠳᠬᠤᠪᠠᠯ ᠨᠥᠭᠦᠭᠡ ᠲᠠᠯ᠎ᠠ ᠶᠢ | ᠠᠯᠳᠠᠬᠤ︾ ᠶᠢ ᠡᠷᠡᠰ ᠰᠡᠷᠭᠡᠶᠢᠯᠡᠬᠦ ᠬᠡᠷᠡᠭᠲᠡᠢ᠃ ᠣᠳᠣᠬᠠᠨ ᠳᠤ᠂ ᠲᠡᠮᠡᠴᠡᠬᠦ ᠵᠣᠷᠢᠭ ᠰᠠᠨᠠᠭ᠎ᠠ ᠪᠠ ᠠᠵᠢᠯᠯᠠᠬᠤ ᠡᠷᠴᠢ | ᠵᠣᠷᠢᠭ ᠢᠶᠠᠨ ᠪᠠᠲᠤᠯᠠᠵᠤ᠂ ᠪᠦᠭᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠡᠯ᠎ᠡ | ᠵᠦᠢᠯ ᠤᠨ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠵᠢᠷᠭᠤᠭᠠᠨ ᠠᠵᠢᠯᠯᠠᠭ᠎ᠠ ᠶᠢ ᠯᠠᠪᠳᠠᠭᠤᠨ | ᠪᠠᠲᠤᠲᠠᠢ ᠠᠬᠢᠭᠤᠯᠵᠤ᠂ ᠪᠡᠯᠡ ᠣᠷᠣᠭᠤᠯᠤᠯᠲᠠ ᠶᠢᠨ ᠬᠠᠨᠳᠤᠰᠢ ᠶᠢ ᠪᠠᠲᠤᠯᠠᠵᠤ᠂ ᠴᠢᠬᠤᠯᠠ ᠶᠡᠭᠡ ᠲᠦᠷᠦᠯ ᠵᠦᠢᠯ ᠢ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ | ᠰᠠᠬᠢᠵᠤ᠂ ᠬᠢᠷᠢ ᠲᠡᠩᠴᠡᠭᠰᠡᠨ ᠴᠡᠭᠴᠡᠯᠡᠨ ᠰᠠᠶᠢᠵᠢᠷᠠᠭᠤᠯᠤᠭᠰᠠᠨ ᠬᠠᠷᠢᠭᠤᠯᠲᠠ ᠶᠢᠨ ᠬᠠᠭᠤᠳᠠᠰᠤ ᠪᠠ ᠬᠥᠭᠵᠢᠯᠲᠡ ᠶᠢᠨ | ᠬᠠᠷᠢᠭᠤᠯᠲᠠ ᠶᠢᠨ ᠬᠠᠭᠤᠳᠠᠰᠤ ᠶᠢ ᠦᠨᠡᠨ ᠬᠦ ᠲᠤᠰᠢᠶᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠶᠣᠣ ᠶᠦᠩ ᠪᠦᠸᠧ ᠣᠷᠣᠯᠴᠠᠵᠠᠢ᠃ | |