ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 25 ᠤ ᠡᠳᠦᠷ ᠤᠨ ᠴᠠᠬᠢᠯᠭᠠᠨ 6 ᠳ᠋ᠤᠭᠠᠷ ᠰᠠᠷ᠎ᠠ ᠶᠢᠨ | 25 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠣᠽᠠᠮᠪᠢᠺ ᠤᠨ ᠶᠡᠷᠦᠩᠬᠡᠶᠢᠯᠡᠭᠴᠢ ᠴᠠᠫᠤ ᠯᠤᠭ᠎ᠠ ᠬᠠᠷᠢᠯᠴᠠᠨ | ᠪᠠᠶᠠᠷ ᠤᠨ ᠴᠠᠬᠢᠯᠭᠠᠨ ᠶᠠᠪᠤᠭᠤᠯᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 50 ᠵᠢᠯ ᠤᠨ | ᠤᠢ ᠶᠢ ᠪᠡᠯᠭᠡᠯᠡᠪᠡ᠃ | ᠰᠢ ᠶᠢᠨ ᠫᠢᠩ ᠵᠢᠭᠠᠵᠤ ᠭᠠᠷᠭᠠᠬᠤ ᠳᠤ ᠪᠠᠨ᠂ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 50 ᠵᠢᠯ ᠤᠨ ᠲᠤᠷᠰᠢ᠂ | ᠳᠡᠯᠡᠬᠡᠢ ᠶᠢᠨ ᠪᠠᠶᠢᠳᠠᠯ ᠳᠤ ᠶᠠᠭᠠᠬᠢᠵᠤ ᠬᠤᠪᠢᠷᠠᠯᠲᠠ ᠭᠠᠷᠤᠭᠰᠠᠨ ᠴᠤ᠂ ᠳᠤᠮᠳᠠᠳᠤ ᠤᠯᠤᠰ ᠪᠠ ᠮᠣᠽᠠᠮᠪᠢᠺ ᠤᠨ ᠨᠥᠬᠦᠷᠯᠡᠯ | ᠴᠥᠮ ᠬᠠᠷᠢᠯᠴᠠᠨ ᠢᠲᠡᠭᠡᠯᠴᠡᠵᠦ᠂ ᠬᠠᠷᠢᠯᠴᠠᠨ ᠳᠡᠮᠵᠢᠯᠴᠡᠵᠦ᠂ ᠬᠤᠶᠠᠷ ᠤᠯᠤᠰ ᠤᠨ ᠨᠥᠬᠦᠷᠯᠡᠯ ᠡᠪᠳᠡᠷᠡᠰᠢ ᠦᠭᠡᠢ ᠪᠠᠲᠤ | ᠪᠠᠬᠢ ᠪᠠᠶᠢᠪᠠ᠃ ᠬᠤᠶᠠᠷ ᠲᠠᠯ᠎ᠠ ᠪᠠᠷ ᠢᠶᠠᠨ ᠬᠠᠷᠢᠯᠴᠠᠭ᠎ᠠ ᠪᠠᠶᠢᠭᠤᠯᠤᠭᠳᠠᠭᠰᠠᠨ ᠤᠭ ᠰᠠᠨᠠᠭ᠎ᠠ ᠪᠠᠨ ᠪᠠᠷᠢᠮᠲᠠᠯᠠᠵᠤ᠂ ᠬᠠᠮᠲᠤᠷᠠᠨ | ᠤᠷᠤᠭᠰᠢᠯᠠᠳᠠᠭ ᠯᠠ ᠶᠤᠮ ᠪᠣᠯ ᠬᠤᠶᠠᠷ ᠤᠯᠤᠰ ᠤᠨ ᠬᠠᠷᠢᠯᠴᠠᠭ᠎ᠠ ᠯᠠᠪᠲᠠᠶ᠎ᠠ ᠨᠡᠩ ᠭᠡᠭᠡᠨ ᠰᠠᠷᠠᠭᠤᠯ ᠢᠷᠡᠭᠡᠳᠦᠢ ᠪᠠᠨ | ᠤᠭᠲᠤᠬᠤ ᠨᠢ ᠯᠠᠪᠲᠠᠢ ᠶᠤᠮ ᠭᠡᠳᠡᠭ ᠲᠤ ᠪᠢ ᠪᠠᠲᠤ ᠢᠲᠡᠭᠡᠯᠲᠡᠢ ᠪᠠᠶᠢᠨ᠎ᠠ᠃ ᠪᠢ ᠳᠤᠮᠳᠠᠳᠤ ᠪᠠ ᠮᠣᠽᠠᠮᠪᠢᠺ ᠤᠨ | ᠬᠠᠷᠢᠯᠴᠠᠭᠠᠨ ᠤ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ | ᠯᠤᠭ᠎ᠠ ᠴᠢᠷᠮᠠᠶᠢᠵᠤ ᠪᠠᠶᠢᠭᠠᠳ᠂ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 50 ᠵᠢᠯ ᠤᠨ ᠤᠢ ᠪᠠᠷ ᠰᠢᠨ᠎ᠡ | ᠭᠠᠷᠤᠭ᠎ᠠ ᠪᠠᠨ ᠪᠣᠯᠭᠠᠵᠤ᠂ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠴᠢᠨᠠᠷ ᠰᠠᠶᠢᠲᠠᠢ ᠪᠠᠶᠢᠭᠤᠯᠬᠤ ᠪᠠ ᠳᠤᠮᠳᠠᠳᠤ ᠪᠠ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠵᠡᠷᠭᠡ | ᠪᠦᠳᠦᠭᠦᠪᠴᠢ ᠵᠥᠪᠯᠡᠯᠴᠡᠭᠡᠷ ᠤᠨ ᠬᠡᠪᠴᠢᠶᠡᠨ ᠳᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠳᠤᠮᠳᠠᠳᠤ ᠪᠠ ᠮᠣᠽᠠᠮᠪᠢᠺ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠬᠤ ᠬᠠᠨᠢᠲᠠᠨ ᠤ | ᠬᠠᠷᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠵᠡᠭᠡᠶ᠎ᠡ ᠭᠡᠵᠡᠢ᠃ | ᠴᠠᠫᠤ ᠢᠯᠡᠷᠬᠡᠶᠢᠯᠡᠬᠦ ᠳᠤ ᠪᠠᠨ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠳᠠᠭᠰᠠᠨ 50 ᠵᠢᠯ ᠤᠨ ᠤᠢ ᠨᠢ ᠮᠥᠨ ᠴᠤ | ᠮᠣᠽᠠᠮᠪᠢᠺ ᠤᠨ ᠲᠤᠰᠠᠭᠠᠷ ᠲᠣᠭᠲᠠᠨᠢᠭᠰᠠᠨ 50 ᠵᠢᠯ ᠤᠨ ᠤᠢ ᠪᠣᠯᠣᠨ᠎ᠠ᠂ ᠡᠨᠡ ᠨᠢ ᠬᠤᠶᠠᠷ ᠤᠯᠤᠰ ᠤᠨ ᠤᠯᠠᠮᠵᠢᠯᠠᠯᠲᠤ | ᠨᠥᠬᠦᠷᠯᠡᠯ ᠪᠠ ᠠᠬ᠎ᠠ ᠳᠡᠭᠦᠦ ᠮᠡᠲᠦ ᠶᠢᠨ ᠰᠡᠳᠬᠢᠯᠭᠡ ᠶᠢ ᠬᠠᠷᠠᠭᠤᠯᠵᠤ ᠪᠠᠶᠢᠭ᠎ᠠ ᠶᠤᠮ᠃ ᠲᠤᠰᠠᠭᠠᠷ ᠲᠣᠭᠲᠠᠨᠢᠯ ᠢᠶᠠᠨ | ᠲᠡᠮᠡᠴᠡᠨ ᠣᠯᠣᠭᠰᠠᠨ ᠵᠠᠮ ᠳᠤ ᠦᠵᠡᠭᠦᠯᠦᠭᠰᠡᠨ ᠳᠤᠮᠳᠠᠳᠤ ᠶᠢᠨ ᠲᠠᠯ᠎ᠠ ᠶᠢᠨ ᠨᠥᠬᠦᠴᠡᠯ ᠦᠭᠡᠢ ᠳᠡᠮᠵᠢᠯᠭᠡ ᠳᠤ ᠲᠠᠯᠠᠷᠬᠠᠵᠤ | ᠪᠠᠶᠢᠨ᠎ᠠ᠃ ᠮᠣᠽᠠᠮᠪᠢᠺ ᠤᠨ ᠲᠠᠯ᠎ᠠ ᠨᠢ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠦᠷᠭᠦᠯᠵᠢᠯᠡᠨ ᠵᠢᠷᠤᠮᠯᠠᠵᠤ᠂ | ᠳᠤᠮᠳᠠᠳᠤ ᠤᠯᠤᠰ ᠤᠨ ᠵᠠᠰᠠᠭ ᠤᠨ ᠣᠷᠳᠣᠨ ᠤ ᠤᠯᠤᠰ ᠤᠨ ᠨᠢᠭᠡᠳᠦᠯ ᠢᠶᠠᠨ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ | ᠠᠯᠢᠪᠠ ᠴᠢᠷᠮᠠᠶᠢᠯᠭ᠎ᠠ ᠶᠢ ᠲᠡᠮᠵᠢᠵᠤ᠂ ᠳᠤᠮᠳᠠᠳᠤ ᠶᠢᠨ ᠲᠠᠯ᠎ᠠ ᠶᠢᠨ ᠴᠢᠬᠤᠯᠠ ᠶᠡᠭᠡ ᠰᠠᠨᠠᠭᠠᠴᠢᠯᠠᠭ᠎ᠠ ᠶᠢ ᠲᠡᠮᠵᠢᠵᠤ᠂ ᠳᠤᠷᠠᠲᠠᠶ᠎ᠠ | ᠳᠤᠮᠳᠠᠳᠤ ᠶᠢᠨ ᠲᠠᠯ᠎ᠠ ᠯᠤᠭ᠎ᠠ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠰᠠᠭᠤᠷᠢᠨ | ᠳᠡᠭᠡᠷ᠎ᠡ ᠬᠤᠶᠠᠷ ᠲᠠᠯ᠎ᠠ ᠶᠢᠨ ᠬᠠᠷᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠪᠠᠨ ᠥᠷᠭᠡᠳᠬᠡᠵᠦ᠂ ᠤᠯᠠᠨ ᠲᠠᠯᠠᠲᠤ ᠦᠵᠡᠯ ᠢ ᠬᠠᠮᠲᠤ ᠪᠠᠷ ᠬᠠᠮᠠᠭᠠᠯᠠᠵᠤ᠂ ᠳᠡᠯᠡᠬᠡᠢ ᠶᠢᠨ ᠡᠩᠬᠡ ᠲᠠᠶᠢᠪᠤᠩ᠂ | ᠠᠮᠤᠷ ᠲᠦᠪᠰᠢᠨ ᠪᠠ ᠬᠥᠭᠵᠢᠯ ᠴᠡᠴᠡᠭᠯᠡᠯ ᠢ ᠠᠬᠢᠭᠤᠯᠤᠨ᠎ᠠ ᠭᠡᠵᠡᠢ᠃ |