ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠬᠢᠲᠠᠳ ᠡᠮ | ᠡᠮᠨᠡᠯᠭᠡ ᠶᠢᠨ ᠲᠣᠪᠴᠢᠶ᠎ᠠ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ︽2025 ᠣᠨ ᠤ | ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ | ᠢ ᠨᠡᠶᠢᠲᠡᠯᠡᠵᠦ᠂ 2025 ᠣᠨ ᠳᠤ᠂ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠥᠮᠥᠨ | ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠳᠤ ᠳᠠᠬᠢᠭᠠᠳ 5 ᠲᠥᠭᠦᠷᠢᠭ ᠨᠡᠮᠡᠵᠦ᠂ 99 ᠲᠥᠭᠦᠷᠢᠭ | ᠪᠣᠯᠭᠠᠪᠠ᠃ | ᠰᠢᠨ᠎ᠡ ᠪᠠᠷ ᠨᠡᠮᠡᠭᠳᠡᠭᠦᠯᠦᠭᠰᠡᠨ ᠵᠠᠷᠤᠳᠠᠯ ᠢ ᠦᠢᠯᠡᠴᠢᠯᠡᠭᠡᠨ ᠤ ᠠᠭᠤᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ | ᠦᠢᠯᠡᠴᠢᠯᠡᠭᠡᠨ ᠤ ᠤᠳᠠᠭ᠎ᠠ ᠲᠤᠭ᠎ᠠ ᠬᠢᠭᠡᠳ ᠳᠡᠰ ᠢ ᠳᠡᠭᠡᠭᠰᠢᠯᠡᠭᠦᠯᠬᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠪᠠᠲᠤᠯᠠᠬᠤ᠂ | ᠤᠯᠠᠨ ᠲᠦᠮᠡᠨ ᠤ ᠲᠥᠷᠥᠭᠳᠡᠯ ᠢ ᠨᠡᠮᠡᠭᠳᠡᠭᠦᠯᠬᠦ ᠳᠤ ᠬᠡᠷᠡᠭᠯᠡᠨ᠎ᠡ᠃ ︽ᠨᠠᠰᠤᠲᠠᠨ ᠪᠠ ᠨᠢᠯᠬ᠎ᠠ︾᠂ ᠴᠢᠰᠤᠨ ᠳᠠᠷᠤᠯᠲᠠ ᠥᠨᠳᠥᠷ | ᠡᠪᠡᠳᠴᠢᠨ᠂ 2 ᠬᠡᠯᠪᠡᠷᠢᠲᠦ ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠢ ᠲᠦᠭᠵᠢᠷᠡᠬᠦ ᠴᠢᠨᠠᠷᠲᠠᠢ ᠠᠭᠤᠰᠬᠢᠨ | ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠲᠡᠨ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠡᠦᠬᠡᠳ ᠤᠨ ᠰᠠᠯᠠᠭ᠎ᠠ ᠪᠠ | ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠣᠨ︾᠂ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ | ᠣᠨ︾ ᠵᠡᠷᠭᠡ ᠭᠤᠣᠯᠳᠠᠯᠭ᠎ᠠ ᠲᠠᠢ ᠠᠵᠢᠯ ᠯᠤᠭ᠎ᠠ ᠤᠶᠠᠯᠳᠤᠭᠤᠯᠤᠨ᠂ ᠣᠯᠠᠨ ᠨᠡᠶᠢᠲᠡ ᠶᠢᠨ ᠦᠨᠳᠦᠰᠦᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠬᠠᠮᠢᠶ᠎ᠠ ᠪᠦᠬᠦᠢ ᠭᠤᠣᠯᠳᠠᠯᠭ᠎ᠠ ᠪᠣᠯᠬᠤ ᠬᠥᠮᠥᠰ ᠤᠨ ᠡᠷᠡᠭᠦᠯ ᠮᠡᠨᠳᠦ ᠶᠢᠨ | ᠦᠢᠯᠡᠴᠢᠯᠡᠭᠡ ᠶᠢ ᠰᠠᠶᠢᠲᠤᠷ ᠬᠢᠨ᠎ᠡ᠃ | ︽ᠮᠡᠳᠡᠭᠳᠡᠯ︾ ᠳᠤ ᠲᠣᠳᠣᠷᠬᠠᠶᠢᠯᠠᠭᠰᠠᠨ ᠢᠶᠠᠷ᠂ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠳᠤᠮᠳᠠ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠭᠤᠯᠭ᠎ᠠ | ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ ᠡᠳᠦᠢ ᠲᠡᠳᠦᠢ ᠰᠢᠯᠢᠳᠡᠭᠵᠢᠪᠡ᠃ | ᠨᠢᠭᠡ ᠳᠤ᠂ ᠪᠡᠶ᠎ᠡ ᠶᠢᠨ ᠪᠠᠶᠢᠴᠠᠭᠠᠯᠲᠠ ᠶᠢᠨ ᠲᠦᠷᠦᠯ ᠵᠦᠢᠯ ᠢ ᠪᠠᠶᠠᠯᠢᠭᠵᠢᠭᠤᠯᠪᠠ᠃ 2025 ᠣᠨ ᠠᠴᠠ ᠡᠬᠢᠯᠡᠨ᠂ 65 | ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠰᠦᠢᠳᠬᠡᠯ ᠦᠯᠦ ᠬᠤᠷᠢᠶᠠᠬᠤ | ᠪᠠᠶᠢᠴᠠᠭᠠᠯᠲᠠ ᠬᠢᠬᠦ ᠳᠤ ᠴᠡᠭᠡᠵᠢᠨ ᠬᠡᠰᠡᠭ ᠤᠨ ᠳ᠋ᠢᠭᠢᠲᠴᠢᠯᠡᠭᠰᠡᠨ X ᠰᠠᠴᠤᠷᠠᠭ ᠤᠨ ᠬᠡᠷᠡᠯ ᠵᠢᠷᠤᠭ ︵DR︶ ᠤᠨ ᠲᠥᠪ | ᠬᠡᠰᠡᠭ ᠤᠨ ᠪᠠᠶᠢᠴᠠᠭᠠᠯᠲᠠ ᠪᠠ ᠰᠢᠬᠢᠷᠵᠢᠭᠰᠡᠨ ᠴᠢᠰᠤᠨ ᠤ ᠤᠯᠠᠭᠠᠨ ᠤᠭᠤᠷᠠᠭ ᠤᠨ ᠪᠠᠶᠢᠴᠠᠭᠠᠯᠲᠠ ᠶᠢᠨ ᠠᠭᠤᠯᠭ᠎ᠠ ᠶᠢ | ᠨᠡᠮᠡᠪᠡ᠃ | ᠬᠤᠶᠠᠷ ᠲᠤ᠂ ᠮᠡᠳᠡᠭᠡ ᠵᠠᠩᠭᠢ ᠶᠢ ᠬᠠᠷᠢᠭᠤ ᠲᠤᠰᠬᠠᠬᠤ ᠶᠢ ᠴᠢᠩᠭᠠᠳᠬᠠᠪᠠ᠃ ᠪᠡᠶ᠎ᠡ ᠶᠢᠨ ᠪᠠᠶᠢᠴᠠᠭᠠᠯᠲᠠ ᠶᠢᠨ ᠡᠭᠦᠷᠭᠡ ᠶᠢ | ᠡᠭᠦᠷᠭᠡᠯᠡᠵᠦ ᠪᠦᠬᠦᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠨᠢ ᠡᠷᠡᠭᠦᠯ ᠮᠡᠨᠳᠦ ᠶᠢᠨ ᠪᠠᠶᠢᠴᠠᠭᠠᠯᠲᠠ | ᠬᠢᠭᠰᠡᠨ ᠦᠷ᠎ᠡ ᠳ᠋ᠦᠩ ᠢ ᠴᠠᠭ ᠲᠤᠬᠠᠢ ᠳᠤ ᠨᠢ ᠲᠣᠰ ᠬᠥᠮᠥᠨ ᠳᠤ ᠨᠢ ᠬᠠᠷᠢᠭᠤ ᠲᠤᠰᠬᠠᠬᠤ ᠶᠢᠨ ᠬᠠᠮᠲᠤ ᠡᠷᠡᠭᠦᠯ | ᠮᠡᠨᠳᠦ ᠶᠢᠨ ᠡᠯᠧᠺᠲᠷᠣᠨ ᠲᠠᠩᠰᠠ ᠡᠪᠬᠡᠮᠡᠯ ᠳᠤ ᠣᠷᠣᠭᠤᠯᠵᠤ᠂ ᠬᠡᠪ ᠤᠨ ᠪᠤᠰᠤ ᠪᠠᠶᠢᠳᠠᠯ ᠢᠯᠡᠷᠡᠭᠰᠡᠳ ᠤᠨ ᠮᠡᠳᠡᠭᠡ | ᠵᠠᠩᠭᠢ ᠶᠢ ᠬᠤᠯᠪᠣᠭᠳᠠᠯ ᠪᠦᠬᠦᠢ ᠲᠤᠰᠬᠠᠢ ᠡᠪᠡᠳᠴᠢᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠮᠡᠳᠡᠭᠡ | ᠵᠠᠩᠭᠢ ᠶᠢᠨ ᠰᠢᠰᠲ᠋ᠧᠮ ᠳᠤ ᠴᠠᠭ ᠲᠤᠬᠠᠢ ᠳᠤ ᠨᠢ ᠬᠦᠷᠭᠡᠨ᠎ᠡ᠃ | ᠭᠤᠷᠪᠠ ᠳᠤ᠂ ᠲᠥᠷᠥᠯ ᠪᠠ ᠲᠠᠰ ᠬᠤᠪᠢᠶᠠᠭᠰᠠᠨ ᠦᠢᠯᠡᠴᠢᠯᠡᠭᠡ ᠥᠷᠨᠢᠭᠦᠯᠦᠨ᠎ᠡ᠃ ᠨᠠᠰᠤᠲᠠᠶᠢᠴᠤᠳ ᠤᠨ ᠨᠠᠰᠤ ᠵᠢᠯ᠂ | ᠡᠷᠡᠭᠦᠯ ᠮᠡᠨᠳᠦ ᠶᠢᠨ ᠪᠠᠶᠢᠳᠠᠯ ᠵᠡᠷᠭᠡ ᠶᠢ ᠦᠨᠳᠦᠰᠦᠯᠡᠨ ᠨᠠᠷᠢᠯᠢᠭᠵᠢᠭᠤᠯᠤᠨ ᠠᠩᠭᠢᠯᠠᠵᠤ᠂ ᠡᠷᠡᠭᠦᠯ ᠮᠡᠨᠳᠦ ᠶᠢᠨ ᠳᠡᠰ | ᠬᠤᠪᠢᠶᠠᠭᠰᠠᠨ ᠦᠢᠯᠡᠴᠢᠯᠡᠭᠡ ᠬᠠᠩᠭᠠᠵᠤ᠂ ᠡᠷᠡᠭᠦᠯ ᠮᠡᠨᠳᠦ ᠶᠢᠨ ᠲᠦᠭᠰᠢᠭᠦᠷᠢ ᠪᠠᠷ ᠨᠡᠯᠢᠶᠡᠳ ᠥᠨᠳᠥᠷ ᠨᠠᠰᠤᠲᠠᠶᠢᠴᠤᠳ ᠲᠤ | ᠳᠠᠭᠠᠵᠤ ᠰᠤᠷᠪᠤᠯᠵᠢᠯᠠᠬᠤ ᠤᠳᠠᠭ᠎ᠠ ᠲᠤᠭ᠎ᠠ ᠬᠢᠭᠡᠳ ᠳᠡᠰ ᠢ ᠨᠢ ᠵᠣᠬᠢᠴᠠᠩᠭᠤᠢ ᠪᠠᠷ ᠨᠡᠮᠡᠭᠳᠡᠭᠦᠯᠦᠨ᠎ᠡ᠃ | ᠤᠳᠠᠭᠠᠨ ᠴᠢᠨᠠᠷᠲᠠᠢ ᠡᠪᠡᠳᠴᠢᠲᠡᠨ ᠳᠤ ᠦᠨᠳᠦᠰᠦᠨ ᠱᠠᠲᠤᠨ ᠤ ᠦᠷᠭᠦᠯᠵᠢᠯᠡᠭᠰᠡᠨ ᠦᠢᠯᠡᠴᠢᠯᠡᠭᠡ ᠶᠢ ᠴᠢᠩᠭᠠᠳᠬᠠᠬᠤ | ᠲᠠᠯ᠎ᠠ ᠪᠠᠷ᠄ | ᠨᠢᠭᠡ᠂ ᠳᠡᠰ ᠬᠤᠪᠢᠶᠠᠭᠰᠠᠨ ᠦᠷᠭᠦᠯᠵᠢᠯᠡᠭᠰᠡᠨ ᠦᠢᠯᠡᠴᠢᠯᠡᠭᠡ᠃ ᠤᠳᠠᠭᠠᠨ ᠴᠢᠨᠠᠷᠲᠠᠢ ᠡᠪᠡᠳᠴᠢᠨ ᠤ ᠪᠠᠶᠢᠳᠠᠯ ᠢ | ᠡᠵᠡᠮᠳᠡᠭᠰᠡᠨ ᠲᠠᠯ᠎ᠠ ᠪᠠᠷ ᠨᠠᠮᠵᠢᠭᠤᠨ ᠪᠠᠶᠢᠳᠠᠯ ᠲᠠᠢ ᠪᠠᠶᠢᠭ᠎ᠠ ᠳᠤ ᠨᠢ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠤ ᠦᠢᠯᠡᠴᠢᠯᠡᠭᠡᠨ ᠤ ᠵᠢᠷᠤᠮᠵᠢᠯ ᠢ ᠦᠨᠳᠦᠰᠦᠯᠡᠨ ᠡᠷᠡᠭᠦᠯ ᠮᠡᠨᠳᠦ ᠶᠢᠨ ᠦᠢᠯᠡᠴᠢᠯᠡᠭᠡ ᠪᠠ | ᠳᠠᠭᠠᠵᠤ ᠰᠤᠷᠪᠤᠯᠵᠢᠯᠠᠬᠤ ᠶᠢ ᠥᠷᠨᠢᠭᠦᠯᠦᠨ᠎ᠡ︔ ᠡᠵᠡᠮᠳᠡᠭᠰᠡᠨ ᠲᠠᠯ᠎ᠠ ᠪᠠᠷ ᠨᠠᠮᠵᠢᠭᠤᠨ ᠪᠤᠰᠤ ᠪᠠᠶᠢᠳᠠᠯ ᠲᠠᠢ ᠪᠠᠶᠢᠭ᠎ᠠ ᠳᠤ ᠨᠢ᠂ | ᠳᠠᠭᠠᠵᠤ ᠰᠤᠷᠪᠤᠯᠵᠢᠯᠠᠬᠤ ᠤᠳᠠᠭ᠎ᠠ ᠲᠤᠭ᠎ᠠ ᠬᠢᠭᠡᠳ ᠳᠡᠰ ᠢ ᠨᠢ ᠨᠡᠮᠡᠭᠳᠡᠭᠦᠯᠵᠦ᠂ ᠡᠪᠡᠳᠴᠢᠨ ᠤ ᠪᠠᠶᠢᠳᠠᠯ ᠤᠨ ᠬᠡᠷᠡᠭᠴᠡᠭᠡ ᠶᠢ | ᠦᠨᠳᠦᠰᠦᠯᠡᠨ ᠴᠠᠭ ᠲᠤᠬᠠᠢ ᠳᠤ ᠨᠢ ᠳᠡᠭᠡᠳᠦ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠡᠮᠨᠡᠭᠦᠯᠬᠦ ᠶᠢᠨ | ᠬᠠᠮᠲᠤ ᠮᠥᠷᠳᠡᠬᠦ ᠪᠤᠶᠤ ᠳᠠᠭᠠᠵᠤ ᠰᠤᠷᠪᠤᠯᠵᠢᠯᠠᠨ᠎ᠠ᠃ | ᠬᠤᠶᠠᠷ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠠᠮᠵᠢᠯᠴᠠᠭᠰᠠᠨ ᠦᠢᠯᠡᠴᠢᠯᠡᠭᠡ᠃ ᠣᠯᠠᠨ ᠵᠦᠢᠯ ᠤᠨ ᠡᠪᠡᠳᠴᠢᠨ ᠢ | ᠬᠠᠮᠲᠤ ᠪᠠᠷ ᠰᠡᠷᠭᠡᠶᠢᠯᠡᠵᠦ ᠬᠠᠮᠲᠤ ᠪᠠᠷ ᠬᠠᠮᠢᠶᠠᠷᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠮᠡᠳᠡᠭᠡ ᠵᠠᠩᠭᠢᠴᠢᠯᠠᠯᠲᠠ ᠶᠢᠨ | ᠠᠷᠭ᠎ᠠ ᠪᠠᠷᠢᠯ ᠢ ᠦᠨᠳᠦᠰᠦᠯᠡᠨ ᠤᠳᠠᠭᠠᠨ ᠴᠢᠨᠠᠷᠲᠠᠢ ᠡᠪᠡᠳᠴᠢᠲᠡᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ | ᠬᠦᠰᠦᠨᠦᠭᠲᠦ ᠶᠢ ᠨᠡᠶᠢᠳᠬᠡᠨᠡ᠃ | ᠭᠤᠷᠪᠠ᠂ ᠡᠮᠲᠦ ᠪᠤᠰᠤ ᠨᠥᠯᠥᠭᠡᠯᠡᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠴᠢᠰᠤᠨ ᠳᠠᠷᠤᠯᠲᠠ ᠥᠨᠳᠥᠷ᠂ 2 | ᠬᠡᠯᠪᠡᠷᠢᠲᠦ ᠰᠢᠬᠢᠷ ᠰᠢᠵᠢᠩ ᠡᠪᠡᠳᠴᠢᠨ᠂ ᠴᠢᠰᠤᠨ ᠤ ᠥᠭᠡᠬᠦ ᠥᠨᠳᠥᠷᠵᠢᠭᠰᠡᠨ ᠬᠡᠮ᠂ ᠮᠠᠷᠢᠶᠠᠯᠠᠬᠤ ᠬᠡᠮ ᠢ ᠢᠳᠡᠭᠡᠨ | ᠤᠮᠳᠠᠭᠠᠨ ᠢᠶᠠᠷ ᠰᠠᠶᠢᠵᠢᠷᠠᠭᠤᠯᠬᠤ ᠪᠠ ᠬᠥᠳᠡᠯᠭᠡᠭᠡᠨ ᠤ ᠦᠨᠳᠦᠰᠦᠨ ᠱᠠᠲᠤᠨ ᠳᠠᠬᠢ ᠵᠢᠯᠤᠭᠤᠳᠬᠤ ᠭᠤᠣᠯᠳᠠᠯᠭ᠎ᠠ ᠶᠢᠨ | ᠬᠡᠷᠡᠭᠯᠡᠯᠲᠡ ᠶᠢ ᠠᠬᠢᠭᠤᠯᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠲᠤ ᠤᠳᠠᠭᠠᠨ ᠴᠢᠨᠠᠷᠲᠠᠢ ᠡᠪᠡᠳᠴᠢᠲᠡᠨ ᠳᠤ | ᠥᠪᠡᠷᠮᠢᠴᠡ ᠢᠳᠡᠭᠡᠨ ᠤᠮᠳᠠᠭᠠᠨ ᠪᠠ ᠬᠥᠳᠡᠯᠭᠡᠭᠡᠨ ᠤ ᠵᠢᠯᠤᠭᠤᠳᠬᠤ ᠰᠠᠨᠠᠭᠤᠯᠭ᠎ᠠ ᠬᠠᠩᠭᠠᠨ᠎ᠠ᠃ | |