ᠯᠢ ᠴᠢᠶᠠᠩ 2025 ᠣᠨ ᠤ ᠵᠤᠨ ᠤ ᠤᠯᠠᠷᠢᠯ ᠤᠨ ᠳᠡᠯᠡᠬᠡᠢ ᠶᠢᠨ ᠠᠵᠤ ᠠᠬᠤᠢ ᠶᠢᠨ ᠶᠠᠷᠢᠯᠴᠠᠭᠠᠨ ᠤ ᠲᠠᠪᠴᠠᠩ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠤᠨ ᠰᠠᠭᠤᠳᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/6/27
   6 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠢᠶᠠᠨᠵᠢᠨ ᠳᠤ 2025 ᠣᠨ ᠤ ᠵᠤᠨ ᠤ ᠤᠯᠠᠷᠢᠯ ᠤᠨ ᠳᠡᠯᠡᠬᠡᠢ ᠶᠢᠨ ᠠᠵᠤ ᠠᠬᠤᠢ ᠶᠢᠨ ᠶᠠᠷᠢᠯᠴᠠᠭᠠᠨ ᠤ ᠲᠠᠪᠴᠠᠩ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠤᠨ ᠰᠠᠭᠤᠳᠠᠯ ᠤᠨ ᠬᠤᠷᠠᠯ ᠳᠤ ᠣᠷᠣᠯᠴᠠᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ ᠰᠢᠨᠬᠤᠸᠠ ᠬᠤᠷᠢᠶᠠᠨ ᠤ ᠲᠢᠶᠠᠨᠵᠢᠨ ᠤ 6 ᠳ᠋ᠤᠭᠠᠷ ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ ᠲᠢᠶᠠᠨᠵᠢᠨ ᠳᠤ 2025 ᠣᠨ ᠤ ᠵᠤᠨ ᠤ ᠤᠯᠠᠷᠢᠯ ᠤᠨ ᠳᠡᠯᠡᠬᠡᠢ ᠶᠢᠨ ᠠᠵᠤ ᠠᠬᠤᠢ ᠶᠢᠨ ᠶᠠᠷᠢᠯᠴᠠᠭᠠᠨ ᠤ ᠲᠠᠪᠴᠠᠩ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠤᠨ ᠰᠠᠭᠤᠳᠠᠯ ᠤᠨ ᠬᠤᠷᠠᠯ ᠳᠤ ᠣᠷᠣᠯᠴᠠᠪᠠ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠯᠢ ᠴᠢᠶᠠᠩ ᠵᠢᠭᠠᠵᠤ ᠭᠠᠷᠭᠠᠬᠤ ᠳᠤ ᠪᠠᠨ᠂ ᠣᠳᠣᠬᠠᠨ ᠤ ᠳᠡᠯᠡᠬᠡᠢ ᠶᠢᠨ ᠪᠠᠶᠢᠳᠠᠯ ᠳᠤ ᠶᠠᠭ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ ᠭᠠᠷᠴᠤ᠂ ᠡᠯ᠎ᠡ ᠤᠯᠤᠰ ᠤᠨ ᠠᠵᠤ ᠠᠬᠤᠢ ᠶᠢᠨ ᠬᠥᠭᠵᠢᠯᠲᠡ ᠳᠤ ᠮᠠᠰᠢ ᠬᠠᠲᠠᠭᠤ ᠰᠢᠯᠭᠠᠯᠲᠠ ᠤᠴᠠᠷᠠᠭᠤᠯᠵᠤ ᠪᠠᠶᠢᠨ᠎ᠠ᠃ ᠳᠤᠮᠳᠠᠳᠤ ᠤᠯᠤᠰ ᠤᠨ ᠠᠵᠤ ᠠᠬᠤᠢ ᠶᠢᠨ ᠲᠣᠭᠲᠠᠭᠤᠨ ᠨᠡᠮᠡᠭᠳᠡᠯ ᠢᠶᠠᠨ ᠪᠠᠲᠤᠯᠠᠵᠤ ᠪᠠᠶᠢᠭ᠎ᠠ ᠨᠢ ᠲᠣᠭᠲᠠᠭᠤᠨ ᠤ ᠳᠤᠮᠳᠠ ᠰᠠᠶᠢᠵᠢᠷᠠᠬᠤ ᠦᠨᠳᠦᠰᠦᠨ ᠲᠠᠯ᠎ᠠ ᠪᠠ ᠢᠳᠡᠪᠬᠢᠲᠡᠢ ᠪᠠᠷ ᠠᠵᠢᠯᠯᠠᠭᠤᠯᠤᠭᠰᠠᠨ ᠬᠤᠷᠸ᠎ᠠ ᠲᠦᠷᠦ ᠶᠢᠨ ᠪᠣᠳᠣᠯᠭ᠎ᠠ ᠳᠤ ᠪᠠᠶᠢᠬᠤ ᠪᠠᠷ ᠪᠠᠷᠠᠬᠤ ᠦᠭᠡᠢ ᠪᠠᠰᠠ ᠵᠠᠬ᠎ᠠ ᠳᠡᠯᠭᠡᠭᠦᠷ ᠤᠨ ᠬᠦᠴᠦᠨ ᠢ᠂ ᠠᠵᠤ ᠠᠬᠤᠶᠢᠯᠠᠯ ᠤᠨ ᠬᠦᠴᠦᠨ ᠢ ᠪᠠᠳᠠᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ ᠳᠤ ᠪᠣᠢ᠂ ᠡᠭᠦᠨ ᠤ ᠳᠣᠲᠣᠷ᠎ᠠ ᠥᠷᠭᠡᠨ ᠤᠯᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠤᠮ᠃ ᠡᠭᠦᠨ ᠤ ᠬᠠᠮᠲᠤ᠂ ᠳᠤᠮᠳᠠᠳᠤ ᠤᠯᠤᠰ ᠪᠠᠰᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠳᠤ ᠥᠷᠭᠡᠨ ᠠᠭᠤᠳᠠᠮ ᠣᠷᠣᠨ ᠵᠠᠢ ᠬᠠᠩᠭᠠᠪᠠ᠃ ᠯᠢ ᠴᠢᠶᠠᠩ ᠢᠯᠡᠷᠬᠡᠶᠢᠯᠡᠬᠦ ᠳᠤ ᠪᠠᠨ᠂ ᠬᠤᠪᠢᠷᠠᠯᠲᠠ ᠶᠡᠬᠡᠲᠡᠢ ᠮᠥᠷᠲᠡᠭᠡᠨ ᠡᠮᠬᠢ ᠵᠠᠮᠪᠠᠷᠠᠭ᠎ᠠ ᠨᠢ ᠰᠣᠯᠪᠢᠴᠠᠭᠰᠠᠨ ᠳᠡᠯᠡᠬᠡᠢ ᠶᠢᠷᠲᠢᠨᠴᠦ ᠳᠤ ᠬᠠᠨᠳᠤᠬᠤ ᠳᠤ ᠪᠠᠨ ᠴᠠᠭ ᠤᠨ ᠪᠠᠶᠢᠳᠠᠯ ᠢ ᠳᠠᠭᠠᠵᠤ᠂ ᠢᠳᠡᠪᠬᠢᠲᠡᠢ ᠪᠥᠭᠡᠳ ᠪᠦᠲᠦᠮᠵᠢᠲᠡᠶ ᠠᠵᠢᠯᠯᠠᠭ᠎ᠠ ᠪᠠᠷ ᠢᠶᠠᠨ ᠡᠯ᠎ᠡ ᠵᠦᠢᠯ ᠤᠨ ᠲᠣᠭᠲᠠᠭᠠᠯᠲᠤ ᠪᠤᠰᠤ ᠴᠢᠨᠠᠷ ᠪᠠ ᠠᠶᠤᠯ ᠲᠦᠭᠰᠢᠭᠦᠷᠢ ᠶᠢᠨ ᠬᠠᠲᠠᠭᠤ ᠰᠢᠯᠭᠠᠯᠲᠠ ᠶᠢ ᠠᠷᠭᠠᠴᠠᠭᠠᠵᠤ᠂ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠢᠭᠡ ᠳᠤ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶᠡᠨ ᠤ ᠪᠠᠶᠢᠷᠢᠰᠢᠯ ᠳᠤ ᠭᠦᠨᠵᠡᠭᠡᠢ ᠲᠣᠬᠢᠷᠠᠭᠤᠯᠤᠯᠲᠠ ᠬᠢᠭᠰᠡᠨ ᠠᠬᠤᠢ ᠪᠠᠶᠢᠳᠠᠯ ᠳᠣᠣᠷ᠎ᠠ᠂ ᠠᠵᠤ ᠦᠢᠯᠡᠰ ᠢ ᠢᠵᠢ ᠪᠦᠷᠢᠳᠦᠭᠦᠯᠬᠦ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠨᠢ ᠨᠡᠩ ᠴᠢᠬᠤᠯᠠ ᠪᠠᠶᠢᠷᠢ ᠶᠢ ᠡᠵᠡᠯᠡᠳᠡᠭ ᠶᠤᠮ᠃ ᠳᠤᠮᠳᠠᠳᠤ ᠤᠯᠤᠰ ᠨᠢ ᠠᠵᠤ ᠦᠢᠯᠡᠰ ᠢ ᠢᠵᠢ ᠪᠦᠷᠢᠳᠦᠭᠦᠯᠬᠦ ᠮᠠᠰᠢ ᠴᠢᠩᠭ᠎ᠠ ᠴᠢᠳᠠᠪᠤᠷᠢ ᠲᠠᠢ ᠪᠠᠶᠢᠵᠤ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠦᠷᠭᠦᠯᠵᠢᠯᠡᠨ ᠰᠢᠯᠢᠳᠡᠭᠵᠢᠵᠦ᠂ ᠴᠢᠨᠠᠷ ᠴᠢᠨᠰᠠᠭ᠎ᠠ᠂ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠃ ᠤᠯᠤᠰ ᠠᠯᠤᠰᠯᠠᠭᠰᠠᠨ ᠠᠵᠤ ᠠᠬᠤᠶᠢᠯᠠᠯ ᠤᠨ ᠨᠡᠷᠡᠳᠤ ᠲᠡᠮᠳᠡᠭ᠂ ᠠᠷᠭ᠎ᠠ ᠵᠠᠮ᠂ ᠮᠡᠷᠭᠡᠵᠢᠯ ᠵᠡᠷᠭᠡ ᠳᠠᠪᠠᠭᠤᠯᠢᠭ ᠢ ᠳᠤᠮᠳᠠᠳᠤ ᠤᠯᠤᠰ ᠤᠨ ᠠᠵᠤ ᠦᠢᠯᠡᠰ ᠢ ᠢᠵᠢ ᠪᠦᠷᠢᠳᠦᠭᠦᠯᠬᠦ ᠳᠠᠪᠠᠭᠤᠯᠢᠭ ᠯᠤᠭ᠎ᠠ ᠤᠶᠠᠯᠳᠤᠭᠤᠯᠪᠠᠯ᠂ ᠨᠡᠩ ᠤᠯᠠᠨ ᠴᠢᠨᠠᠷ ᠰᠠᠶᠢᠲᠠᠢ ᠦᠢᠯᠡᠳᠬᠦᠨ ᠪᠠ ᠦᠢᠯᠡᠴᠢᠯᠡᠭᠡ ᠶᠢ ᠪᠣᠢ ᠪᠣᠯᠭᠠᠵᠤ ᠴᠢᠳᠠᠨ᠎ᠠ᠂ ᠠᠵᠤ ᠠᠬᠤᠶᠢᠯᠠᠯ ᠤᠨ ᠪᠦᠬᠦ ᠪᠥᠮᠪᠥᠷᠴᠡᠭ ᠤᠨ ᠥᠷᠢᠰᠦᠯᠳᠦᠬᠦ ᠬᠦᠴᠦᠨ ᠢ ᠴᠦ ᠨᠡᠮᠡᠭᠳᠡᠭᠦᠯᠵᠦ ᠴᠢᠳᠠᠨ᠎ᠠ᠃ ᠬᠤᠶᠠᠷ ᠲᠤ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠤᠨ ᠲᠦᠷᠭᠡᠨ ᠬᠤᠪᠢᠰᠤᠯᠲᠠ ᠶᠢᠨ ᠠᠬᠤᠢ ᠪᠠᠶᠢᠳᠠᠯ ᠳᠣᠣᠷ᠎ᠠ᠂ ᠰᠢᠨ᠎ᠡ ᠮᠡᠷᠭᠡᠵᠢᠯ ᠤᠨ ᠠᠵᠤ ᠦᠢᠯᠡᠰᠵᠢᠯᠲᠡ ᠶᠢᠨ ᠬᠤᠷᠳᠤᠴᠠ ᠪᠠ ᠦᠶ᠎ᠡ ᠰᠣᠯᠢᠭᠳᠠᠨ ᠲᠡᠰ ᠳᠡᠪᠰᠢᠬᠦ ᠴᠢᠳᠠᠪᠤᠷᠢ ᠲᠠᠢ ᠪᠠᠶᠢᠬᠤ ᠨᠢ ᠨᠡᠩ ᠴᠢᠬᠤᠯᠠ ᠪᠠᠶᠢᠳᠠᠭ᠃ ᠳᠤᠮᠳᠠᠳᠤ ᠤᠯᠤᠰ ᠤᠨ ᠡᠯ᠎ᠡ ᠵᠦᠢᠯ ᠤᠨ ᠦᠢᠯᠡᠳᠬᠦᠨ ᠪᠠ ᠦᠢᠯᠡᠴᠢᠯᠡᠭᠡᠨ ᠤ ᠬᠡᠷᠡᠭᠯᠡᠭᠴᠢᠳ ᠤᠨ ᠰᠠᠭᠤᠷᠢ ᠲᠤᠭ᠎ᠠ ᠶᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠦᠢᠯᠡᠰ ᠤᠨ ᠰᠢᠨ᠎ᠡ ᠡᠭᠦᠳᠦᠯᠲᠡ ᠨᠢ ᠥᠨᠳᠥᠷ ᠪᠦᠲᠦᠮᠵᠢᠲᠡᠢ ᠪᠠᠷ ᠬᠠᠷᠢᠯᠴᠠᠨ ᠬᠥᠳᠡᠯᠦᠯᠴᠡᠵᠦ᠂ ᠡᠯ᠎ᠡ ᠤᠯᠤᠰ ᠤᠨ ᠠᠵᠤ ᠠᠬᠤᠶᠢᠯᠠᠯ ᠳᠤᠮᠳᠠᠳᠤ ᠤᠯᠤᠰ ᠲᠤ ᠢᠷᠡᠵᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠥᠷᠨᠢᠭᠦᠯᠬᠦ ᠪᠠ ᠬᠠᠮᠵᠢᠯᠴᠠᠨ ᠰᠢᠨ᠎ᠡ ᠶᠢ ᠡᠭᠦᠳᠬᠦ ᠨᠢ ᠥᠷᠭᠡᠨ ᠠᠭᠤᠳᠠᠮ ᠣᠷᠣᠨ ᠵᠠᠢ ᠪᠠ ᠴᠢᠬᠤᠯᠠ ᠶᠡᠭᠡ ᠠᠵᠠ ᠲᠣᠬᠢᠶᠠᠯ ᠲᠠᠢ ᠶᠤᠮ᠃ ᠭᠤᠷᠪᠠ ᠳᠤ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠲᠣᠭᠲᠠᠭᠠᠯᠲᠤ ᠪᠤᠰᠤ ᠬᠦᠴᠦᠨ ᠵᠦᠢᠯ ᠨᠡᠮᠡᠭᠳᠡᠵᠦ ᠪᠠᠶᠢᠭ᠎ᠠ ᠠᠬᠤᠢ ᠪᠠᠶᠢᠳᠠᠯ ᠤᠨ ᠳᠣᠣᠷ᠎ᠠ᠂ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠤᠨ ᠲᠣᠭᠲᠠᠪᠤᠷᠢᠲᠤ ᠴᠢᠨᠠᠷ ᠨᠢ ᠨᠡᠩ ᠴᠢᠬᠤᠯᠠ ᠪᠠᠶᠢᠳᠠᠭ᠃ ᠣᠳᠣᠬᠠᠨ ᠳᠤ ᠬᠠᠮᠠᠭᠠᠯᠠᠬᠤ ᠦᠵᠡᠯ᠂ ᠭᠠᠭᠴᠠ ᠲᠠᠯᠠᠲᠤ ᠦᠵᠡᠯ᠂ ᠰᠥᠷᠭᠡᠦ ᠳᠡᠯᠡᠬᠡᠶᠢᠵᠢᠯᠲᠡ ᠶᠢᠨ ᠪᠠᠶᠢᠳᠠᠯ ᠭᠠᠵᠠᠷ ᠠᠪᠬᠤ ᠬᠠᠨᠳᠤᠰᠢ ᠨᠡᠮᠡᠭᠳᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠮᠠᠰᠢ ᠶᠡᠭᠡ ᠬᠦᠴᠢᠷᠳᠡᠯ ᠤᠴᠠᠷᠠᠭᠤᠯᠵᠤ ᠪᠠᠶᠢᠨ᠎ᠠ᠃ ᠡᠨᠡ ᠬᠦ ᠬᠤᠪᠢᠷᠠᠯᠲᠠ ᠶᠢᠨ ᠳᠤᠮᠳᠠ᠂ ᠳᠤᠮᠳᠠᠳᠤ ᠤᠯᠤᠰ ᠤᠨ ᠠᠵᠤ ᠠᠬᠤᠢ ᠭᠠᠳᠠᠭᠠᠳᠤ ᠶᠢᠨ ᠳᠠᠭᠠᠷᠢᠯᠲᠠ ᠶᠢ ᠡᠰᠡᠷᠭᠦᠴᠡᠨ ᠬᠤᠷᠢᠭᠯᠠᠬᠤ᠂ ᠥᠪᠡᠷ ᠤᠨ ᠠᠯᠬᠤᠭ᠎ᠠ ᠪᠠᠨ ᠲᠣᠬᠢᠷᠠᠭᠤᠯᠤᠨ ᠡᠵᠡᠮᠳᠡᠬᠦ ᠶᠢ ᠪᠠᠲᠤᠯᠠᠵᠤ ᠴᠢᠳᠠᠬᠤ ᠲᠣᠭᠲᠠᠪᠤᠷᠢᠲᠤ ᠴᠢᠨᠠᠷ ᠢᠯᠡᠷᠡᠪᠡ᠂ ᠡᠨᠡ ᠬᠦ ᠲᠣᠭᠲᠠᠪᠤᠷᠢᠲᠤ ᠴᠢᠨᠠᠷ ᠨᠢ ᠪᠠᠰᠠ ᠳᠤᠮᠳᠠᠳᠤ ᠤᠯᠤᠰ ᠤᠨ ᠭᠤᠶᠢᠪᠢᠰᠢ ᠦᠭᠡᠢ ᠭᠠᠳᠠᠭᠠᠳᠤ ᠨᠡᠭᠡᠭᠡᠯᠲᠡ ᠪᠠᠷ ᠢᠯᠡᠷᠡᠵᠦ᠂ ᠤᠯᠤᠰ ᠠᠯᠤᠰᠯᠠᠭᠰᠠᠨ ᠠᠵᠤ ᠠᠬᠤᠶᠢᠯᠠᠯ ᠢ ᠳᠤᠮᠳᠠᠳᠤ ᠤᠯᠤᠰ ᠲᠤ ᠨᠡᠩ ᠶᠡᠭᠡ ᠵᠢᠳᠬᠦᠯ ᠴᠢᠷᠮᠠᠶᠢᠯᠭ᠎ᠠ᠂ ᠨᠡᠩ ᠰᠠᠶᠢᠨ ᠬᠥᠭᠵᠢᠯᠲᠡ ᠲᠠᠢ ᠪᠣᠯᠭᠠᠵᠤ ᠪᠠᠶᠢᠬᠤ ᠳᠡᠭᠡᠷ᠎ᠡ ᠢᠯᠡᠷᠡᠵᠦ ᠪᠠᠶᠢᠨ᠎ᠠ ᠭᠡᠵᠡᠢ᠃ ᠯᠢ ᠴᠢᠶᠠᠩ ᠢᠯᠡᠷᠬᠡᠶᠢᠯᠡᠬᠦ ᠳᠤ ᠪᠠᠨ᠂ ᠡᠯ᠎ᠡ ᠤᠯᠤᠰ ᠤᠨ ᠠᠵᠤ ᠠᠬᠤᠶᠢᠯᠠᠯ ᠤᠳ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠨᠠᠩ ᠣᠯᠠᠨ ᠴᠢᠨᠠᠷ ᠰᠠᠶᠢᠲᠠᠢ ᠦᠢᠯᠡᠳᠬᠦᠨ ᠪᠠ ᠦᠢᠯᠡᠴᠢᠯᠡᠭᠡ ᠬᠠᠩᠭᠠᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠯᠤᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠰ ᠤᠨ ᠬᠠᠮᠲᠤᠷᠠᠯᠴᠠᠭ᠎ᠠ ᠪᠠᠨ ᠴᠢᠩᠭᠠᠳᠬᠠᠨ᠂ ᠬᠠᠩᠭᠠᠯᠭ᠎ᠠ ᠬᠡᠷᠡᠭᠴᠡᠭᠡ ᠶᠢ ᠲᠣᠬᠢᠷᠠᠭᠤᠯᠬᠤ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠢᠯᠠᠬᠤ ᠶᠢ ᠨᠠᠩ ᠰᠠᠶᠢᠲᠤᠷ ᠪᠡᠶᠡᠯᠡᠭᠦᠯᠵᠦ᠂ ᠮᠡᠷᠭᠡᠵᠢᠯ ᠤᠨ ᠳᠠᠪᠰᠢᠯᠲᠠ ᠪᠠ ᠠᠵᠤ ᠦᠢᠯᠡᠰ ᠤᠨ ᠥᠷᠢᠰᠦᠯᠳᠦᠬᠦ ᠬᠦᠴᠦᠨ ᠤ ᠳᠡᠭᠡᠭᠰᠢᠯᠡᠯᠲᠡ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ ᠡᠯ᠎ᠡ ᠤᠯᠤᠰ ᠤᠨ ᠠᠵᠤ ᠠᠬᠤᠶᠢᠯᠠᠯ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠤᠨ ᠦᠢᠯᠡᠰ ᠪᠣᠰᠬᠠᠬᠤ ᠶᠢ ᠪᠠᠶᠠᠷᠯᠠᠨ ᠤᠭᠲᠤᠵᠤ᠂ ᠤᠯᠠᠨ ᠢᠶᠠᠷ ᠢᠶᠠᠨ ᠠᠳᠡ ᠬᠦᠰᠡᠯ ᠢᠶᠠᠨ ᠪᠡᠶᠡᠯᠡᠭᠦᠯᠦᠨ᠂ ᠠᠮᠵᠢᠯᠲᠠ ᠣᠯᠵᠤ᠂ ᠳᠤᠮᠳᠠᠳᠤ ᠤᠯᠤᠰ ᠤᠨ ᠠᠵᠤ ᠠᠬᠤᠢ ᠳᠤ ᠬᠠᠨᠢᠯᠠᠨ ᠲᠣᠭᠲᠠᠭᠤᠨ ᠢᠶᠠᠷ ᠤᠷᠤᠭᠰᠢᠯᠠᠭᠤᠯᠬᠤ ᠶᠢ ᠬᠦᠰᠡᠵᠦ ᠪᠠᠶᠢᠨ᠎ᠠ ᠭᠡᠵᠡᠢ᠃ ᠴᠧᠨ ᠮᠢᠨ ᠡᠯ᠂ ᠦ᠋ ᠵᠧᠩ ᠯᠦᠩ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号