︽ᠥᠪᠥᠷ ᠮᠣᠩᠭᠤᠯ ᠤᠨ ᠠᠮᠢ ᠠᠬᠤᠢ ᠶᠢᠨ ᠪᠠᠶᠢᠳᠠᠯ ᠶᠠᠮᠠᠷ ᠪᠠᠶᠢᠬᠤ ᠨᠢ ᠪᠦᠭᠦ ᠣᠷᠣᠨ ᠤ | ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠷᠣᠰᠢᠯ ᠲᠣᠭᠲᠠᠨᠢᠯ ᠪᠠ ᠬᠥᠭᠵᠢᠯᠲᠡ ᠲᠠᠢ ᠬᠤᠯᠪᠣᠭᠳᠠᠬᠤ ᠪᠠᠷ | ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ᠂ ᠴᠢᠨᠠᠭᠰᠢᠯᠠᠭᠠᠳ ᠪᠦᠭᠦ | ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠨ᠎ᠠ︾᠃ ᠶᠡᠷᠦᠩᠬᠡᠢ ᠱᠦᠵᠢ ᠰᠢ ᠶᠢᠨ ᠫᠢᠩ ᠥᠪᠥᠷ | ᠮᠣᠩᠭᠤᠯ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ | ᠪᠠᠲᠤᠯᠠᠬᠤ ᠬᠡᠷᠡᠭᠲᠡᠢ︾᠂ ︽ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ | ᠴᠠᠭᠠᠨ ᠬᠡᠷᠡᠮ ᠢ ᠨᠠᠩ ᠪᠠᠲᠤ ᠪᠠᠬᠢ ᠴᠣᠭᠴᠠᠯᠠᠬᠤ ᠬᠡᠷᠡᠭᠲᠡᠢ︾ ᠭᠡᠵᠦ ᠥᠪᠥᠷ ᠮᠣᠩᠭᠤᠯ ᠢ ᠣᠯᠠᠨᠲᠠ ᠱᠠᠭᠠᠷᠳᠠᠪᠠ᠃ | 2023 ᠣᠨ ᠤ 6 ᠰᠠᠷ᠎ᠠ ᠳᠤ᠂ ᠶᠡᠷᠦᠩᠬᠡᠢ ᠱᠦᠵᠢ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ | ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠬᠤ ᠪᠣᠯ ᠥᠪᠥᠷ ᠮᠣᠩᠭᠤᠯ ᠤᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ ︿ᠤᠯᠤᠰ ᠤᠨ ᠶᠡᠭᠡ ᠶᠠᠪᠤᠳᠠᠯ﹀ | ᠪᠣᠯᠣᠨ᠎ᠠ︾ ᠭᠡᠵᠦ ᠣᠨᠴᠠᠭᠠᠶᠢᠯᠠᠨ ᠴᠢᠬᠤᠯᠠᠴᠢᠯᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠣᠷᠣᠨ ᠳᠠᠶᠠᠭᠠᠷ ᠢᠶᠠᠨ | ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ | ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠶᠢ ᠲᠠᠰᠤᠷᠠᠯᠲᠠ ᠦᠭᠡᠢ ᠬᠥᠲᠥᠯᠥᠨ | ᠵᠢᠯᠣᠭᠤᠳᠤᠭᠰᠠᠨ ᠪᠥᠭᠡᠳ ᠠᠬᠢᠭᠤᠯᠵᠤ᠂ ᠤᠮᠠᠷᠠᠲᠤ ᠬᠢᠯᠢ ᠶᠢᠨ ᠡᠬᠡ ᠭᠠᠵᠠᠷ ᠤᠨ ᠦᠵᠡᠰᠬᠦᠯᠡᠩᠲᠦ ᠰᠠᠶᠢᠬᠠᠨ ᠬᠢᠭᠡᠳ | ᠬᠥᠭᠵᠢᠯᠲᠡ ᠶᠢᠨ ᠬᠤᠣᠰ ᠠᠮᠵᠢᠯᠲᠠ ᠣᠯᠬᠤ ᠶᠢ ᠠᠬᠢᠭᠤᠯᠪᠠ᠃ | ︽ᠬᠠᠮᠠᠭᠠᠯᠠᠯᠲᠠ︾ ᠪᠠᠷ ᠪᠣᠬᠢᠷᠳᠤᠯ ᠦᠭᠡᠢ ᠬᠥᠭᠵᠢᠯᠲᠡ ᠶᠢᠨ ᠳᠡᠪᠢᠰᠬᠡᠷ ᠥᠩᠭᠡ ᠶᠢ ᠥᠳᠬᠡᠷᠡᠭᠦᠯᠪᠡ | ᠥᠪᠥᠷ ᠮᠣᠩᠭᠤᠯ ᠪᠣᠯ ᠲᠡᠦᠬᠡᠨ ᠳᠡᠭᠡᠷ᠎ᠡ ᠡᠪᠡᠰᠦ ᠪᠡᠯᠴᠢᠭᠡᠷ ᠰᠠᠬᠤᠯᠢᠭ᠂ ᠲᠠᠯ᠎ᠠ ᠳᠦᠭᠦᠷᠡᠩ ᠦᠬᠡᠷ ᠬᠤᠨᠢ ᠲᠠᠢ | ᠭᠠᠵᠠᠷ ᠪᠠᠶᠢᠵᠠᠢ᠃ ︽ᠴᠡᠯᠡᠭᠡᠷ ᠲᠠᠯ᠎ᠠ ᠶᠢᠨ ᠥᠷᠥᠴᠡᠨ ᠳᠤ ᠮᠤᠨᠠ ᠠᠭᠤᠯᠠ ᠶᠢᠨ ᠬᠤᠷᠮᠣᠢ ᠳᠤ ᠬᠥᠬᠡ ᠲᠡᠭᠷᠢ ᠬᠥᠳᠡᠭᠡ | ᠲᠠᠯ᠎ᠠ ᠲᠠᠢ ᠭᠦᠪᠡᠭᠡ ᠬᠢᠵᠠᠭᠠᠷ ᠵᠠᠯᠭᠠᠯᠳᠤᠭᠠᠳ ᠬᠥᠪᠴᠢᠨ ᠳᠡᠯᠡᠬᠡᠢ ᠮᠣᠩᠭᠤᠯ ᠭᠡᠷ ᠰᠢᠭ ᠬᠥᠩᠬᠦᠶᠢᠵᠦᠬᠦᠢ᠃ ᠲᠡᠭᠷᠢ | ᠴᠡᠪ ᠴᠡᠯᠡᠶᠢᠨ ᠲᠠᠯ᠎ᠠ ᠨᠡᠪ ᠨᠡᠯᠦᠶᠢᠭᠡᠳ ᠡᠪᠡᠰᠦᠨ ᠤ ᠲᠣᠯᠣᠭᠠᠢ ᠰᠠᠯᠬᠢᠨ ᠳᠤ ᠨᠠᠶᠢᠭᠤᠬᠤᠶ᠎ᠠ ᠦᠬᠡᠷ ᠬᠤᠨᠢᠳ ᠤᠨ ᠵᠣ | ᠢᠷᠠᠯᠵᠠᠨᠠᠮ︾ ᠭᠡᠳᠡᠭ ᠨᠢ ᠳᠠᠷᠤᠢ ᠡᠨᠡ ᠬᠦ ᠲᠠᠯ᠎ᠠ ᠨᠤᠲᠤᠭ ᠤᠨ ᠥᠩᠭᠡ ᠦᠵᠡᠮᠵᠢ ᠶᠢ ᠵᠢᠷᠤᠭᠯᠠᠭᠰᠠᠨ ᠰᠢᠯᠦᠭ ᠶᠤᠮ᠃ | ᠠᠲᠠᠷ ᠬᠠᠭᠠᠯᠪᠤᠷᠢᠯᠠᠨ ᠲᠠᠷᠢᠶ᠎ᠠ ᠳᠠᠷᠢᠬᠤ ᠵᠡᠷᠭᠡ ᠬᠥᠮᠥᠨ ᠲᠥᠷᠥᠯᠬᠢᠲᠡᠨ ᠤ ᠠᠵᠢᠯᠯᠠᠭ᠎ᠠ ᠣᠯᠠᠰᠢᠷᠠᠭᠰᠠᠨ ᠵᠢᠴᠢ ᠠᠭᠤᠷ | ᠠᠮᠢᠰᠬᠤᠯ ᠤᠨ ᠬᠤᠪᠢᠷᠠᠯᠲᠠ ᠶᠢ ᠳᠠᠭᠠᠯᠳᠤᠨ᠂ ᠥᠪᠥᠷ ᠮᠣᠩᠭᠤᠯ ᠤᠨ ᠠᠮᠢ ᠠᠬᠤᠢ ᠳᠤ ᠠᠭᠠᠵᠢᠮ ᠢᠶᠠᠷ ︽ᠤᠯᠠᠭᠠᠨ | ᠲᠤᠭ᠎ᠠ︾ ᠢᠯᠡᠷᠡᠵᠦ᠂ ᠬᠦᠨᠳᠦ ᠨᠣᠴᠢᠲᠠᠢ ᠦᠨ᠎ᠡ ᠲᠥᠯᠥᠪᠦᠷᠢ ᠭᠠᠷᠭᠠᠪᠠ᠃ ᠶᠡᠷᠦᠩᠬᠡᠢ ᠱᠦᠵᠢ ᠰᠢ ᠶᠢᠨ ᠫᠢᠩ ︽ᠠᠵᠤ | ᠠᠬᠤᠢ ᠶᠢ ᠬᠥᠭᠵᠢᠭᠦᠯᠬᠦ ᠳᠤ ᠡᠬᠢ ᠪᠠᠶᠠᠯᠢᠭ ᠪᠣᠯᠣᠨ ᠠᠮᠢ ᠠᠬᠤᠢ ᠣᠷᠴᠢᠨ ᠲᠣᠭᠤᠷᠢᠨ ᠢ ᠬᠤᠭᠤᠰᠤᠷᠠᠲᠠᠯ᠎ᠠ | ᠰᠢᠪᠬᠠᠵᠤ ᠪᠤᠯᠬᠤ ᠦᠭᠡᠢ︾ ᠭᠡᠵᠦ ᠴᠢᠬᠤᠯᠠᠴᠢᠯᠠᠪᠠ᠃ ᠪᠢᠳᠡ ᠶᠡᠷᠦᠩᠬᠡᠢ ᠱᠦᠵᠢ ᠶᠢᠨ ᠰᠤᠷᠭᠠᠯ ᠢ ᠪᠠᠲᠤ ᠴᠡᠭᠡᠵᠢᠯᠡᠵᠦ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠬᠥᠮᠥᠨ ᠤ ᠬᠦᠴᠦ ᠪᠠᠷ | ᠪᠠᠶᠢᠭᠠᠯᠢ ᠶᠢ ᠨᠥᠯᠥᠭᠡᠯᠡᠵᠦ ᠡᠪᠳᠡᠬᠦ ᠶᠢ ᠬᠠᠮᠤᠭ ᠤᠨ ᠶᠡᠭᠡ ᠴᠢᠷᠮᠠᠶᠢᠯᠭ᠎ᠠ ᠭᠠᠷᠭᠠᠨ ᠪᠠᠭᠠᠰᠬᠠᠪᠠ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ | ᠰᠢᠯᠢᠳᠡᠭᠵᠢᠭᠦᠯᠪᠡ᠃ ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠣᠷᠣᠨ ᠤ ᠲᠠᠯᠠᠪᠠᠶ ᠪᠠᠷ ᠬᠠᠮᠤᠭ ᠤᠨ | ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠲᠤ ᠣᠷᠣᠨ ᠪᠠᠶᠢᠵᠤ᠂ ᠶᠡᠭᠡ | ᠬᠡᠪᠴᠢᠶᠡᠨ ᠤ ᠤᠤᠭᠠᠯ ᠠᠮᠢ ᠠᠬᠤᠢ ᠶᠢᠨ ᠣᠷᠣᠨ ᠪᠦᠰᠡ ᠶᠢ ᠬᠠᠳᠠᠭᠠᠯᠠᠵᠤ ᠪᠠᠶᠢᠳᠠᠭ᠃ ᠶᠡᠷᠦᠩᠬᠡᠢ ᠱᠦᠵᠢ ᠰᠢ ᠶᠢᠨ | ᠫᠢᠩ᠂ ᠥᠪᠥᠷ ᠮᠣᠩᠭᠤᠯ ︽ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠬᠡᠷᠡᠭᠯᠡᠬᠦ ᠶᠢ ᠴᠢᠩᠭ᠎ᠠ ᠬᠠᠮᠢᠶᠠᠷᠤᠨ | ᠡᠵᠡᠮᠳᠡᠵᠦ᠂ ᠴᠢᠬᠤᠯᠠ ᠪᠦᠬᠦᠢ ᠠᠮᠢ ᠠᠬᠤᠢ ᠶᠢᠨ ᠣᠷᠣᠨ ᠵᠠᠢ ᠶᠢ ᠭᠦᠢᠴᠡᠳ ᠦᠯᠡᠳᠡᠭᠡᠬᠦ ᠬᠡᠷᠡᠭᠲᠡᠢ︾ ᠭᠡᠵᠦ ᠵᠢᠭᠠᠵᠤ | ᠭᠠᠷᠭᠠᠪᠠ᠃ ᠪᠢᠳᠡ ︽ᠭᠤᠷᠪᠠᠨ ᠣᠷᠣᠨ ᠭᠤᠷᠪᠠᠨ ᠱᠤᠭᠤᠮ︾ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ︵2021 - 2035 ᠣᠨ︶︾ ᠶᠢ ᠨᠠᠶᠢᠷᠠᠭᠤᠯᠤᠨ ᠵᠣᠬᠢᠶᠠᠵᠤ᠂ | ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠬᠤᠪᠢᠶᠠᠷᠢᠯᠠᠨ ᠣᠷᠣᠭᠤᠯᠤᠭᠰᠠᠨ ᠲᠠᠯᠠᠪᠠᠶ 59.69 | ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠪᠦᠭᠦ ᠣᠷᠣᠨ ᠤ ᠶᠡᠷᠦᠩᠬᠡᠢ ᠲᠠᠯᠠᠪᠠᠶ ᠶᠢᠨ ᠬᠠᠭᠠᠰ ᠠᠴᠠ | ᠳᠡᠭᠡᠭᠰᠢᠬᠢ ᠶᠢ ᠡᠵᠡᠯᠡᠪᠡ; ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ 885 ᠲᠦᠮᠡᠨ ᠮᠦ | ᠵᠠᠭᠠᠭᠯᠠᠨ ᠲᠣᠭᠲᠠᠭᠠᠬᠤ ᠶᠢᠨ ᠬᠠᠮᠲᠤ 2021 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠡᠪᠴᠢᠶ᠎ᠡ ᠶᠢ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠠᠴᠠ ᠳᠠᠪᠠᠵᠤ | ᠥᠯᠥ ᠪᠤᠯᠬᠤ ᠬᠠᠮᠢᠶᠠᠷᠤᠨ ᠡᠵᠡᠮᠳᠡᠬᠦ ᠵᠠᠭᠠᠭ ᠱᠤᠭᠤᠮ ᠪᠣᠯᠭᠠᠨ ᠲᠣᠬᠲᠠᠭᠠᠪᠠ; ᠡᠭᠦᠷᠢᠳᠡ ᠶᠢᠨ ᠦᠨᠳᠦᠰᠦᠨ | ᠲᠠᠷᠢᠶᠠᠨ ᠭᠠᠵᠠᠷ ᠢ 1.33 ᠳ᠋ᠦᠩᠰᠢᠭᠤᠷ ᠮᠦ ᠠᠴᠠ ᠳᠡᠭᠡᠭᠰᠢ ᠵᠠᠭᠠᠭᠯᠠᠨ ᠲᠣᠭᠲᠠᠭᠠᠵᠤ᠂ ᠲᠠᠷᠢᠶᠠᠨ ᠭᠠᠵᠠᠷ ᠢ | ︽ᠲᠠᠷᠢᠶᠠᠯᠠᠩ ᠤᠨ ᠪᠤᠰᠤ ᠪᠤᠯᠭᠠᠬᠤ︾ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ︽ᠠᠮᠤ ᠪᠤᠳᠠᠭᠠᠨ ᠤ | ᠪᠤᠰᠤ ᠪᠤᠯᠭᠠᠬᠤ︾ ᠶᠢ ᠡᠷᠡᠰ ᠬᠤᠷᠢᠭᠯᠠᠪᠠ᠃ ᠠᠮᠢ ᠠᠬᠤᠢ ᠣᠷᠴᠢᠨ ᠲᠣᠭᠤᠷᠢᠨ ᠢ ᠲᠣᠭᠤᠷᠢᠭ ᠬᠤᠪᠢᠶᠠᠨ ᠬᠠᠮᠢᠶᠠᠷᠤᠨ | ᠡᠵᠡᠮᠳᠡᠬᠦ ᠶᠢ ᠬᠦᠴᠦᠯᠡᠨ ᠴᠢᠩᠭᠠᠳᠬᠠᠵᠤ᠂ ᠪᠦᠭᠦ ᠣᠷᠣᠨ ᠢ 1892 ᠬᠠᠮᠢᠶᠠᠷᠤᠨ ᠡᠵᠡᠮᠳᠡᠬᠦ ᠨᠢᠭᠡᠴᠢ ᠪᠣᠯᠭᠠᠨ | ᠬᠤᠪᠢᠶᠠᠵᠤ᠂ ︽ᠨᠢᠭᠡ ᠨᠢᠭᠡᠴᠢ ᠳᠤ ᠨᠢᠭᠡ ᠠᠷᠭ᠎ᠠ ᠪᠣᠳᠣᠯᠭ᠎ᠠ︾ ᠶᠣᠰᠣᠭᠠᠷ ᠵᠦᠷᠢᠶᠡᠴᠢᠯᠡᠭᠰᠡᠨ᠂ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢ ᠬᠡᠷᠡᠭᠵᠢᠭᠦᠯᠵᠦ᠂ ᠡᠬᠢ ᠪᠠᠶᠠᠯᠢᠭ ᠤᠨ ᠨᠡᠭᠡᠭᠡᠯᠲᠡ᠂ ᠠᠵᠤ ᠦᠢᠯᠡᠰ ᠤᠨ ᠪᠠᠶᠢᠷᠢᠰᠢᠭᠤᠯᠤᠯᠲᠠ᠂ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠴᠢᠬᠤᠯᠠ ᠶᠡᠭᠡ ᠲᠥᠷᠥᠯ ᠵᠦᠢᠯ ᠤᠨ ᠭᠠᠵᠠᠷ ᠰᠣᠩᠭᠤᠬᠤ ᠵᠡᠷᠭᠡ ᠶᠢ | ᠤᠷᠢᠳᠴᠢᠯᠠᠨ ᠦᠨᠡᠯᠡᠨ ᠵᠢᠱᠢᠵᠦ᠂ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ | ︽ᠪᠣᠬᠢᠷᠳᠤᠯ ᠦᠭᠡᠢ ᠬᠡᠮᠵᠢᠭᠦᠷ︾ ᠢ ᠡᠬᠢ ᠡᠭᠦᠰᠦᠯ ᠠᠴᠠ ᠨᠢ ᠴᠢᠩᠭᠠᠯᠠᠪᠠ᠃ | ᠶᠡᠭᠡ ᠨᠤᠲᠤᠭ ᠪᠡᠯᠴᠢᠭᠡᠷ ᠶᠡᠭᠡ ᠣᠢ ᠰᠢᠭᠤᠢ ᠶᠢ ᠬᠦᠴᠦᠯᠡᠨ ᠬᠠᠮᠠᠭᠠᠯᠠᠪᠠ᠃ ᠨᠤᠲᠤᠭ ᠪᠡᠯᠴᠢᠭᠡᠷ᠂ ᠣᠶ | ᠰᠢᠭᠤᠢ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ | ᠴᠢᠬᠤᠯᠠ ᠡᠭᠦᠷᠭᠡ ᠪᠣᠯᠣᠨ᠎ᠠ᠃ ᠥᠪᠥᠷ ᠮᠣᠩᠭᠤᠯ 8.15 ᠳ᠋ᠦᠩᠰᠢᠭᠤᠷ ᠮᠦ ᠨᠤᠲᠤᠭ ᠪᠡᠯᠴᠢᠭᠡᠷ᠂ 3.57 | ᠳ᠋ᠦᠩᠰᠢᠭᠤᠷ ᠮᠦ ᠣᠶ ᠰᠢᠭᠤᠢ ᠲᠠᠢ ᠪᠠᠶᠢᠵᠤ᠂ ᠲᠠᠯᠠᠪᠠᠶ ᠨᠢ ᠲᠣᠰ ᠲᠣᠰ ᠪᠦᠭᠦ ᠤᠯᠤᠰ ᠲᠤ ᠬᠤᠶᠠᠳᠤᠭᠠᠷ᠂ | ᠨᠢᠭᠡᠳᠦᠭᠡᠷ ᠲᠤ ᠣᠷᠣᠵᠤ ᠪᠠᠶᠢᠨ᠎ᠠ᠃ ᠪᠢᠳᠡ ᠨᠢᠭᠡ ᠲᠠᠯ᠎ᠠ ᠪᠠᠷ ︽ᠠᠮᠠᠷᠠᠭᠤᠯᠤᠨ ᠰᠡᠷᠭᠦᠭᠡᠬᠦ︾ ᠶᠢ ᠠᠳᠬᠤᠵᠤ᠂ ᠨᠤᠲᠤᠭ | ᠪᠡᠯᠴᠢᠭᠡᠷ ᠳᠡᠭᠡᠷ᠎ᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠷᠥᠯ ᠵᠦᠢᠯ ᠢ | ᠰᠢᠨ᠎ᠡ ᠪᠠᠷ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ ᠪᠠᠶᠢᠭᠠᠯᠢ ᠶᠢᠨ ᠣᠶ ᠶᠢ ᠬᠤᠳᠠᠯᠳᠤᠭᠠᠨ ᠤ ᠴᠢᠨᠠᠷᠲᠠᠢ ᠪᠠᠷ | ᠣᠭᠲᠣᠯᠬᠤ ᠶᠢ ᠴᠢᠩᠭ᠎ᠠ ᠴᠠᠭᠠᠵᠠᠯᠠᠵᠤ᠂ ᠣᠶ ᠰᠢᠭᠤᠢ ᠨᠤᠲᠤᠭ ᠪᠡᠯᠴᠢᠭᠡᠷ ᠢ ᠰᠦᠢᠳᠬᠡᠬᠦ ᠶᠢ ᠬᠤᠷᠢᠭᠯᠠᠬᠤ ᠶᠡᠷᠦᠩᠬᠡᠢ | ᠳᠠᠶᠢᠯᠠᠯᠳᠤᠭᠠᠨ ᠢ ᠪᠠᠶᠢᠷᠢᠯᠠᠭᠤᠯᠤᠨ ᠠᠬᠢᠭᠤᠯᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ | ᠮᠠᠯᠵᠢᠬᠤ ᠶᠢ ᠵᠠᠰᠠᠬᠤ ᠪᠠ ᠬᠢᠯᠢ ᠬᠢᠵᠠᠭᠠᠷ ᠤᠨ ᠭᠠᠩ ᠬᠠᠭᠤᠷᠠᠢ ᠮᠠᠯᠵᠢᠬᠤ ᠣᠷᠣᠨ ᠳᠤ ᠪᠦᠬᠦᠯᠢ ᠴᠣᠭᠴᠠ ᠪᠠᠷ | ᠮᠠᠯᠵᠢᠬᠤ ᠶᠢ ᠴᠠᠭᠠᠵᠠᠯᠠᠬᠤ ᠲᠤᠷᠰᠢᠯᠲᠠ ᠶᠢᠨ ᠴᠡᠭ ᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠨᠥᠬᠦᠪᠦᠷᠢ | ᠱᠠᠩᠨᠠᠯ ᠤᠨ ᠪᠡᠯᠡ ᠮᠥᠩᠭᠦ ᠪᠠᠭᠤᠯᠭᠠᠬᠤ ᠪᠣᠯᠣᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ | ᠦᠷ᠎ᠡ ᠪᠦᠲᠦᠮᠵᠢ ᠲᠠᠢ ᠬᠤᠯᠪᠣᠭᠳᠠᠭᠤᠯᠬᠤ ᠶᠢ ᠠᠬᠢᠭᠤᠯᠵᠤ᠂ ᠥᠷᠭᠡᠨ ᠠᠭᠤᠳᠠᠮ ᠨᠤᠲᠤᠭ ᠪᠡᠯᠴᠢᠭᠡᠷ ᠢ | ︽ᠴᠠᠯᠢᠩ ᠲᠠᠢ ᠪᠠᠷ ᠠᠮᠠᠷᠠᠭᠤᠯᠵᠤ︾᠂ ᠬᠢᠩᠭᠠᠨ ᠤ ᠣᠶ ᠰᠢᠭᠤᠢ ᠳᠤ ︽ᠬᠢᠷᠦᠭᠡ ᠪᠠᠨ ᠡᠯᠭᠦᠨ ᠮᠣᠳᠣ ᠣᠭᠲᠣᠯᠬᠤ ᠪᠠᠨ | ᠵᠣᠭᠰᠣᠪᠠ︾᠃ ᠨᠦᠭᠦᠭᠡ ᠲᠠᠯ᠎ᠠ ᠪᠠᠷ ︽ᠪᠣᠶᠢᠵᠢᠭᠤᠯᠬᠤ︾ ᠶᠢ ᠠᠳᠬᠤᠵᠤ᠂ ᠦᠨᠳᠦᠰᠦᠨ ᠨᠤᠲᠤᠭ ᠪᠡᠯᠴᠢᠭᠡᠷ ᠢ | ᠬᠤᠪᠢᠶᠠᠷᠢᠯᠠᠨ ᠲᠣᠭᠲᠠᠭᠠᠬᠤ ᠪᠠ ᠡᠷᠬᠡ ᠶᠢ ᠲᠣᠭᠲᠠᠭᠠᠨ ᠳᠠᠩᠰᠠᠯᠠᠬᠤ ᠶᠢ ᠪᠡᠶᠡᠯᠡᠭᠦᠯᠵᠦ᠂ ᠣᠶ ᠰᠢᠭᠤᠢ ︵ᠨᠤᠲᠤᠭ | ᠪᠡᠯᠴᠢᠭᠡᠷ︶ ᠶᠢᠨ ᠳᠠᠷᠤᠭ᠎ᠠ ᠶᠢᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ | ᠠᠬᠤᠢ ᠶᠢ ᠬᠠᠮᠠᠭᠠᠯᠠᠵᠤ ᠰᠡᠷᠭᠦᠭᠡᠨ ᠵᠠᠰᠠᠬᠤ᠂ ᠪᠠᠶᠢᠭᠠᠯᠢ ᠶᠢᠨ ᠣᠶ ᠶᠢ ᠬᠠᠮᠠᠭᠠᠯᠠᠬᠤ ᠪᠠ ᠲᠠᠷᠢᠮᠠᠯ ᠣᠶ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠨᠤᠲᠤᠭ ᠪᠡᠯᠴᠢᠭᠡᠷ ᠣᠶ ᠰᠢᠭᠤᠢ ᠶᠢᠨ ᠡᠬᠢ ᠪᠠᠶᠠᠯᠢᠭ ᠤᠨ ᠶᠠᠰᠤ ᠴᠢᠨᠠᠷ ᠢ | ᠦᠷᠭᠦᠯᠵᠢᠯᠡᠨ ᠳᠡᠭᠡᠭᠰᠢᠯᠡᠭᠦᠯᠪᠡ᠃ ᠡᠭᠦᠨ ᠤ ᠬᠠᠮᠲᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠨᠢᠨ | ᠳᠡᠭᠡᠷ᠎ᠡ ᠨᠢ ᠬᠦᠴᠦᠯᠡᠬᠦ ᠶᠢ ᠪᠠᠷᠢᠮᠲᠠᠯᠠᠵᠤ᠂ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ | ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠪᠠᠯ ᠭᠠᠵᠠᠷ᠂ ᠠᠲᠠᠷ ᠭᠠᠵᠠᠷ᠂ ᠬᠠᠶᠠᠭᠳᠠᠮᠠᠯ ᠠᠭᠤᠷᠬᠠᠢ | ᠵᠡᠷᠭᠡ ᠣᠷᠣᠨ ᠵᠠᠢ ᠳᠤ ᠨᠣᠭᠤᠭᠠᠷᠠᠭᠤᠯᠤᠯᠲᠠ ᠬᠢᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠪᠦᠭᠦ ᠣᠷᠣᠨ ᠨᠡᠶᠢᠲᠡ 1.43 ᠳ᠋ᠦᠩᠰᠢᠭᠤᠷ ᠮᠦ ᠮᠣᠳᠣ ᠳᠠᠷᠢᠵᠤ᠂ 3.55 ᠳ᠋ᠦᠩᠰᠢᠭᠤᠷ ᠮᠦ ᠡᠪᠡᠰᠦ ᠳᠠᠷᠢᠵᠤ᠂ | ᠬᠡᠪᠴᠢᠶ᠎ᠡ ᠨᠢ ᠴᠥᠮ ᠪᠦᠭᠦ ᠤᠯᠤᠰ ᠲᠤ ᠲᠦᠷᠦᠭᠦᠯᠡᠪᠡ᠃ | ᠬᠠᠳᠤᠨ ᠭᠤᠣᠯ ᠢ ᠰᠡᠳᠬᠢᠯ ᠲᠠᠯᠪᠢᠨ ᠰᠠᠬᠢᠨ ᠬᠠᠮᠠᠭᠠᠯᠠᠪᠠ᠃ ᠬᠠᠲᠤᠨ ᠭᠤᠣᠯ ᠤᠨ ᠶᠡᠭᠡ ᠲᠣᠬᠤᠢ ᠶᠢᠨ | ᠣᠷᠣᠢ ᠶᠢᠨ ᠬᠡᠰᠡᠭ ᠨᠢ ᠥᠪᠥᠷ ᠮᠣᠩᠭᠤᠯ ᠢᠶᠠᠷ ᠤᠷᠤᠰᠤᠨ ᠥᠩᠭᠡᠷᠡᠵᠦ᠂ 843.5 ᠺᠢᠯᠣᠮᠧᠲᠷ ᠦᠷᠭᠦᠯᠵᠢᠯᠡᠵᠦ᠂ | ᠬᠠᠲᠤᠨ ᠭᠤᠣᠯ ᠤᠨ ᠪᠦᠭᠦ ᠣᠷᠳᠣ ᠶᠢᠨ 1/6 ᠰᠢᠬᠠᠮ ᠢ ᠡᠵᠡᠯᠡᠵᠦ᠂ ᠰᠠᠪᠠ ᠭᠠᠵᠠᠷ ᠤᠨ ᠲᠠᠯᠠᠪᠠᠶ ᠨᠢ 15 ᠲᠦᠮᠡ | ᠭᠠᠷᠤᠢ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠬᠠᠲᠤᠨ ᠭᠤᠣᠯ ᠤᠨ ᠰᠠᠪᠠ ᠭᠠᠵᠠᠷ ᠤᠨ ᠪᠦᠭᠦ ᠲᠠᠯᠠᠪᠠᠶ ᠶᠢᠨ | 1/5 ᠰᠢᠬᠠᠮ ᠢ ᠡᠵᠡᠯᠡᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ︽ᠬᠠᠳᠤᠨ ᠭᠤᠣᠯ ᠤᠨ ︿ᠶᠡᠭᠡ ᠲᠣᠬᠤᠢ﹀ | ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ︾ ᠭᠡᠵᠦ ᠣᠯᠠᠨᠲᠠ ᠴᠢᠬᠤᠯᠠᠴᠢᠯᠠᠪᠠ᠃ | ᠡᠶᠢᠮᠦ ᠠᠴᠠ᠂ ᠪᠢᠳᠡ ᠬᠠᠲᠤᠨ ᠭᠤᠣᠯ ᠳᠠᠭᠠᠤ ᠭᠠᠵᠠᠷ ᠣᠷᠣᠨ ᠤ 45% ᠶᠢᠨ ᠤᠯᠤᠰ ᠤᠨ ᠨᠤᠲᠤᠭ ᠳᠡᠪᠢᠰᠬᠡᠷ ᠤᠨ | ᠲᠠᠯᠠᠪᠠᠶ ᠶᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠣᠷᠣᠭᠤᠯᠵᠤ᠂ ᠴᠦᠯᠯᠡᠷᠭᠡᠭᠵᠢᠭᠰᠡᠨ ᠭᠠᠵᠠᠷ | ᠰᠢᠷᠣᠢ ᠪᠠ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ᠂ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠵᠡᠷᠭᠡ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠦᠶᠡᠷ ᠢ ᠰᠡᠷᠭᠡᠶᠢᠯᠡᠬᠦ ᠲᠥᠬᠦᠭᠡᠷᠦᠮᠵᠢ ᠪᠠ ᠭᠡᠮ ᠰᠣᠭᠤᠭ ᠲᠠᠢ ᠤᠰᠤᠨ ᠴᠥᠭᠦᠷᠥᠮ᠂ ᠨᠦᠯᠦᠮᠡᠯ | ᠭᠠᠵᠠᠷ ᠤᠨ ᠬᠠᠰᠢᠯᠭ᠎ᠠ ᠵᠡᠷᠭᠡ ᠶᠢ ᠵᠢᠭᠰᠠᠭᠠᠨ ᠪᠠᠶᠢᠴᠠᠭᠠᠵᠤ ᠵᠠᠰᠠᠨ ᠰᠡᠷᠭᠦᠭᠡᠬᠦ ᠠᠵᠢᠯ ᠢ ᠥᠷᠨᠢᠭᠦᠯᠵᠦ᠂ ᠬᠠᠲᠤᠨ | ᠭᠤᠣᠯ ᠤᠨ ᠭᠤᠣᠯ ᠤᠨ ᠵᠠᠮ ᠤᠨ ︽ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ | ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ︾ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠨᠢᠩᠰᠢᠶᠠ᠂ | ᠱᠠᠨᠰᠢ ᠯᠤᠭ᠎ᠠ ᠬᠥᠨᠳᠡᠯᠡᠨ ᠴᠢᠭᠯᠡᠯ ᠤᠨ ᠠᠮᠢ ᠠᠬᠤᠢ ᠶᠢᠨ ᠨᠥᠬᠦᠪᠦᠷᠢ ᠶᠢᠨ ᠵᠥᠪᠯᠡᠯᠴᠡᠭᠡᠷ ᠲᠣᠭᠲᠠᠵᠤ᠂ ᠬᠠᠲᠤᠨ | ᠭᠤᠣᠯ ᠳᠠᠭᠠᠤ ᠭᠠᠵᠠᠷ ᠣᠷᠣᠨ ᠤ ᠠᠮᠢ ᠠᠬᠤᠢ ᠶᠢᠨ ᠳᠦᠷᠰᠦ ᠪᠠᠶᠢᠳᠠᠯ ᠳᠤ ᠢᠳᠡᠪᠬᠢᠲᠡᠢ ᠬᠤᠪᠢᠷᠠᠯᠲᠠ ᠭᠠᠷᠬᠤ ᠶᠢ | ᠠᠬᠢᠭᠤᠯᠵᠠᠢ᠃ ᠬᠠᠲᠤᠨ ᠭᠤᠣᠯ ᠤᠨ ᠭᠤᠣᠯ ᠤᠷᠤᠰᠬᠠᠯ ᠤᠨ ᠥᠪᠥᠷ ᠮᠣᠩᠭᠤᠯ ᠤᠨ ᠬᠡᠰᠡᠭ ᠤᠨ ᠤᠰᠤᠨ ᠤ ᠴᠢᠨᠠᠷ | 5 ᠵᠢᠯ ᠳᠠᠷᠠᠭᠠᠯᠠᠨⅡ ᠲᠥᠷᠥᠯ ᠤᠨ ᠰᠢᠯᠢᠳᠡᠭ ᠰᠠᠶᠢᠨ ᠲᠦᠪᠰᠢᠨ ᠳᠤ ᠬᠦᠷᠴᠦ᠂ ᠤᠯᠤᠰ ᠤᠨ ᠭᠠᠵᠠᠷ ᠳᠡᠭᠡᠷᠡᠬᠢ | ᠤᠰᠤ ᠶᠢ ᠬᠢᠨᠠᠨ ᠰᠢᠯᠭᠠᠬᠤ ᠣᠭᠲᠣᠯᠣᠭᠠᠰᠤ ᠶᠢᠨ ᠤᠰᠤᠨ ᠤ ᠴᠢᠨᠠᠷ ᠤᠨ ᠪᠠᠷᠢᠮᠵᠢᠶ᠎ᠠ ᠳᠤ ᠭᠦᠷᠦᠭᠰᠡᠨ ᠨᠣᠷᠮ᠎ᠠ | 100% ᠳᠤ ᠬᠦᠷᠴᠡᠢ᠃ ᠪᠦᠭᠦ ᠤᠯᠤᠰ ᠤᠨ ᠠᠩᠬᠠᠳᠠᠭᠴᠢ ︽ᠡᠯᠡᠰᠦ ᠶᠢ ᠬᠠᠰᠢᠵᠤ ᠤᠰᠤ ᠰᠣᠯᠢᠬᠤ︾ | ᠲᠤᠷᠰᠢᠯᠲᠠ ᠶᠢᠨ ᠢᠨᠵᠧᠨᠧᠷᠢᠩ ᠢ ᠪᠠᠶᠢᠭᠤᠯᠤᠨ ᠳᠠᠭᠤᠰᠬᠠᠵᠤ᠂ ᠣᠷᠳᠣᠰ ᠬᠤᠲᠠ ᠶᠢᠨ ᠬᠢᠯᠢ ᠳᠣᠲᠣᠷᠠᠬᠢ ︽ᠠᠷᠪᠠᠨ | ᠲᠣᠮᠣ ᠬᠥᠨᠳᠡᠢ︾ ᠶᠢᠨ ᠬᠠᠲᠤᠨ ᠭᠤᠣᠯ ᠤᠨ ᠡᠯᠡᠰᠦ ᠰᠢᠪᠠᠷ ᠤᠨ ᠬᠡᠮᠵᠢᠶ᠎ᠡ 2000 ᠣᠨ ᠠᠴᠠ ᠡᠮᠦᠨ᠎ᠡ ᠵᠢᠯ | ᠳᠤᠮᠳᠠᠴᠢ ᠪᠠᠷ 2700 ᠭᠠᠷᠤᠢ ᠲᠦᠮᠡᠨ ᠲᠣᠨ ᠪᠠᠶᠢᠭᠰᠠᠨ ᠠᠴᠠ ᠪᠠᠨ ᠪᠠᠭᠤᠷᠠᠭᠠᠳ ᠣᠲᠣ 400 ᠭᠠᠷᠤᠢ ᠲᠦᠮᠡᠨ | ᠲᠣᠨ ᠪᠣᠯᠪᠠ᠃ | ᠬᠠᠮᠠᠭᠠᠯᠠᠬᠤ ᠪᠣᠯ ᠬᠥᠭᠵᠢᠯᠲᠡ ᠶᠢᠨ ᠤᠷᠢᠲᠠᠯ ᠮᠥᠨ᠃ ᠥᠨᠥᠳᠥᠷ ᠤᠨ ᠥᠪᠥᠷ ᠮᠣᠩᠭᠤᠯ ᠳᠤ ︽ᠬᠠᠮᠠᠭᠠᠯᠠᠬᠤ︾ | ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ ︽ᠬᠠᠮᠠᠭᠠᠯᠠᠬᠤ︾ ᠡᠷᠴᠢᠮ ᠲᠠᠰᠤᠷᠠᠯᠲᠠ ᠦᠭᠡᠢ ᠴᠢᠩᠭᠠᠷᠠᠵᠤ᠂ ᠠᠮᠢ | ᠠᠬᠤᠢ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠡᠳᠦᠷ | ᠢᠷᠡᠬᠦᠶ᠎ᠡ ᠳᠡᠭᠡᠭᠰᠢᠯᠡᠵᠦ ᠪᠠᠶᠢᠨ᠎ᠠ᠃ ᠡᠭᠦᠨ ᠤ ᠵᠡᠷᠭᠡ ᠪᠠᠷ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠣᠶ ᠰᠢᠭᠤᠢ | ᠨᠤᠲᠤᠭ ᠪᠡᠯᠴᠢᠭᠡᠷ ᠢ ᠰᠦᠢᠳᠬᠡᠬᠦ ᠦᠵᠡᠭᠳᠡᠯ ᠪᠠ ᠠᠮᠢ ᠠᠬᠤᠢ ᠮᠠᠭᠤᠳᠠᠬᠤ᠂ ᠤᠰᠤ ᠰᠢᠷᠣᠢ ᠶᠢᠨ ᠢᠳᠡᠭᠳᠡᠯ ᠵᠡᠷᠭᠡ | ᠠᠰᠠᠭᠤᠳᠠᠯ ᠮᠥᠨ ᠬᠦ ᠣᠷᠣᠰᠢᠭᠰᠠᠭᠠᠷ ᠪᠠᠶᠢᠵᠤ᠂ ᠶᠡᠭᠡ ᠬᠦᠴᠦ ᠣᠷᠣᠭᠤᠯᠵᠤ᠂ ᠤᠷᠳᠤ ᠤᠳᠠᠭᠠᠨ ᠵᠢᠳᠬᠦᠯ | ᠴᠢᠷᠮᠠᠶᠢᠯᠭ᠎ᠠ ᠭᠠᠷᠭᠠᠵᠤ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠪᠢᠳᠡ ︽ᠬᠠᠮᠠᠭᠠᠯᠠᠬᠤ︾ ᠠᠷᠭ᠎ᠠ ᠶᠢ ᠰᠠᠶᠢᠲᠤᠷ | ᠬᠡᠷᠡᠭᠯᠡᠵᠦ᠂ ᠦᠵᠡᠰᠬᠦᠯᠡᠩᠲᠦ ᠰᠠᠶᠢᠬᠠᠨ ᠠᠭᠤᠯᠠ ᠤᠰᠤ ᠰᠠᠶᠢᠨ ᠰᠠᠶᠢᠬᠠᠨ ᠠᠮᠢ ᠠᠬᠤᠢ ᠶᠢ ᠰᠠᠶᠢᠲᠤᠷ ᠰᠠᠬᠢᠨ | ᠬᠠᠮᠠᠭᠠᠯᠠᠵᠤ᠂ ︽ᠥᠩᠭᠡ ᠶᠢᠨ ᠴᠡᠴᠡᠭ ᠰᠣᠯᠣᠩᠭᠠᠷᠠᠵᠤ︾᠂ ︽ᠤᠰᠤᠨ ᠪᠣᠯᠣᠷ ᠭᠤᠣᠯ ᠲᠤᠨᠤᠯᠵᠠᠬᠤ︾ ᠦᠵᠡᠰᠬᠦᠯᠡᠩᠲᠦ | ᠰᠠᠶᠢᠬᠠᠨ ᠦᠵᠡᠮᠵᠢ ᠶᠢ ᠤᠮᠠᠷᠠᠲᠤ ᠬᠢᠯᠢ ᠳᠤ ᠥᠨᠢᠳᠡ ᠰᠦᠨᠳᠡᠷᠯᠡᠭᠦᠯᠦᠨᠡ᠃ | ︽ᠵᠠᠰᠠᠯᠲᠠ︾ ᠪᠠᠷ ᠪᠣᠬᠢᠷᠳᠤᠯ ᠦᠭᠡᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠪᠡ | ᠶᠡᠷᠦᠩᠬᠡᠢ ᠱᠦᠵᠢ ᠰᠢ ᠶᠢᠨ ᠫᠢᠩ᠂ ︽ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠳᠤ ᠡᠷᠬᠡᠪᠰᠢ | ᠶᠡᠷᠦᠩᠬᠡᠶᠢᠯᠡᠭᠰᠡᠨ ᠵᠠᠰᠠᠯᠲᠠ ᠬᠢᠬᠦ ᠬᠡᠷᠡᠭᠲᠡᠢ︾ ᠭᠡᠵᠦ ᠴᠢᠬᠤᠯᠠᠴᠢᠯᠠᠪᠠ᠃ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠬᠤ ᠳᠤ᠂ ᠠᠮᠢ ᠠᠬᠤᠢ ᠣᠷᠴᠢᠨ ᠲᠣᠭᠤᠷᠢᠨ ᠤ ᠰᠠᠭᠤᠷᠢ ᠶᠢ ᠬᠠᠮᠠᠭᠠᠯᠠᠨ | ᠪᠠᠬᠢᠵᠢᠭᠦᠯᠬᠦ ᠳᠤ ᠲᠦᠰᠢᠭᠯᠡᠬᠦ ᠪᠥᠭᠡᠳ ᠪᠠᠰᠠ ᠠᠮᠢ ᠠᠬᠤᠢ ᠣᠷᠴᠢᠨ ᠲᠣᠭᠤᠷᠢᠨ ᠢ ᠨᠥᠯᠥᠭᠡᠯᠡᠬᠦ ᠡᠪᠡᠷᠰᠢᠶᠡᠯ ᠢ | ᠵᠠᠰᠠᠬᠤ ᠳᠤ ᠲᠦᠰᠢᠭᠯᠡᠬᠦ ᠬᠡᠷᠡᠭᠲᠡᠢ᠃ ᠡᠶᠢᠮᠦ ᠠᠴᠠ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ | ᠶᠣᠰᠣᠭᠠᠷ᠂ ᠪᠢᠳᠡ ᠠᠶᠠᠨᠳᠠᠭᠠᠨ ᠰᠡᠷᠭᠦᠬᠦ ᠪᠠ ᠬᠥᠮᠥᠨ ᠤ ᠬᠦᠴᠦ ᠪᠠᠷ ᠰᠡᠷᠭᠦᠭᠡᠬᠦ ᠠᠷᠭ᠎ᠠ ᠪᠠᠷᠢᠯ ᠢ ᠶᠡᠷᠦᠩᠬᠡᠶᠢᠯᠡᠨ | ᠬᠡᠷᠡᠭᠯᠡᠵᠦ᠂ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠯᠠᠪᠳᠠᠭᠤᠨ ᠪᠠᠲᠤᠲᠠᠢ | ᠠᠬᠢᠭᠤᠯᠪᠠ᠃ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠢ ᠰᠠᠶᠢᠲᠤᠷ ᠬᠢᠪᠡ᠃ ᠶᠡᠷᠦᠩᠬᠡᠢ ᠱᠦᠵᠢ ᠰᠢ ᠶᠢᠨ ᠫᠢᠩ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠪᠠᠶᠢᠭᠤᠯᠤᠯᠲᠠ ᠶᠢ ᠢᠮᠠᠭᠲᠠ ᠰᠠᠨᠠᠭᠠᠯᠵᠠᠭᠰᠠᠭᠠᠷ ᠢᠷᠠᠵᠠᠢ᠃ 2023 ᠣᠨ ᠤ 6 ᠰᠠᠷ᠎ᠠ ᠳᠤ᠂ | ᠶᠡᠷᠦᠩᠬᠡᠢ ᠱᠦᠵᠢ ᠥᠪᠥᠷ ᠮᠣᠩᠭᠤᠯ ᠳᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠤᠷᠢᠶᠠᠯᠠᠭ᠎ᠠ ᠭᠠᠷᠭᠠᠵᠤ᠂ 10 ᠵᠢᠯ ᠰᠢᠬᠠᠮ ᠤᠨ ᠴᠠᠭ ᠢ ᠬᠡᠷᠡᠭᠰᠡᠵᠦ | ᠪᠠᠶᠢᠭᠠᠳ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠳᠠᠮᠵᠢ ᠨᠢ | ᠪᠦᠷᠢᠨ ᠲᠡᠭᠦᠯᠳᠡᠷ᠂ ᠡᠪᠳᠡᠷᠡᠰᠢ ᠦᠭᠡᠢ ᠪᠠᠲᠤ ᠪᠠᠬᠢ ᠤᠮᠠᠷᠠᠲᠤ ᠬᠢᠯᠢ ᠶᠢᠨ ᠪᠣᠬᠢᠷᠳᠤᠯ ᠦᠭᠡᠢ ᠣᠷᠳᠣ ᠴᠠᠭᠠᠨ ᠬᠡᠷᠡᠮ᠂ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠬᠤ ᠬᠡᠷᠡᠭᠲᠡᠢ ᠭᠡᠵᠦ ᠱᠠᠭᠠᠷᠳᠠᠪᠠ᠃ ᠪᠢᠳᠡ ᠥᠪᠥᠷ | ᠮᠣᠩᠭᠤᠯ ᠤᠨ ᠡᠭᠦᠷᠭᠡᠯᠡᠵᠦ ᠪᠠᠶᠢᠭ᠎ᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ | ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ 60% ᠶᠢᠨ ᠡᠭᠦᠷᠭᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ | ᠵᠢᠯ ᠪᠦᠷᠢ ᠭᠠᠵᠠᠷ ᠭᠡᠰᠬᠦ ᠲᠠᠢ ᠵᠡᠷᠭᠡ ᠪᠠᠷᠠᠭᠤᠨ ᠠᠴᠠ ᠵᠡᠭᠦᠨ᠂ ᠡᠮᠦᠨ᠎ᠡ ᠠᠴᠠ ᠤᠮᠠᠷ᠎ᠠ ᠭᠦᠷᠲᠡᠯ᠎ᠡ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ︽ᠶᠡᠭᠡ ᠬᠠᠮᠲᠤᠷᠠᠭᠰᠠᠨ ᠳᠠᠶᠢᠯᠠᠯᠳᠤᠭᠠᠨ︾ ᠢ ᠪᠦᠭᠦ ᠲᠠᠯ᠎ᠠ ᠪᠠᠷ ᠥᠷᠨᠢᠭᠦᠯᠵᠦ᠂ | ᠡᠯᠡᠰᠦᠨ ᠲᠡᠯᠡᠶ ᠳᠤ ᠬᠡᠰᠡᠭ ᠪᠤᠰᠠᠭ ᠦᠷᠭᠦᠯᠵᠢᠯᠡᠭᠰᠡᠨ ᠡᠯᠡᠰᠦᠨ ᠬᠠᠯᠬᠠᠪᠴᠢ ᠭᠠᠷᠭᠠᠵᠤ᠂ ᠮᠤᠷᠤᠯᠵᠠᠨ ᠵᠢᠭᠳᠡᠷᠡᠭᠰᠡᠨ | ᠴᠢᠬᠢ ᠮᠣᠳᠣ ᠵᠠᠶᠢᠯᠠᠪᠠ᠃ 2023 ᠣᠨ᠂ 2024 ᠣᠨ ᠳᠤ ᠲᠣᠰ ᠲᠣᠰ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠠᠵᠢᠯ ᠢ 950 ᠲᠦᠮᠡᠨ ᠮᠦ᠂ 1954 ᠲᠦᠮᠡᠨ ᠮᠦ ᠳᠤ ᠬᠦᠷᠭᠡᠵᠦ᠂ ᠡᠯᠡᠰᠦ ᠶᠢ ᠵᠠᠰᠠᠬᠤ ᠡᠭᠦᠷᠭᠡ ᠪᠠᠷ | ᠨᠡᠯᠢᠶᠡᠳ ᠪᠠᠭ᠎ᠠ 6 ᠬᠤᠰᠢᠭᠤ ᠰᠢᠶᠠᠨ ᠢ ᠪᠦᠭᠦᠨ ᠢ ᠵᠠᠰᠠᠵᠤ ᠳᠠᠭᠤᠰᠬᠠᠨ᠂ ᠮᠤᠤᠠᠤᠰᠤ ᠶᠢᠨ ᠡᠯᠡᠰᠦᠷᠬᠡᠭ ᠭᠠᠵᠠᠷ ᠢ | ᠵᠠᠰᠠᠬᠤ ᠠᠬᠢᠴᠠ ᠶᠢ 80% ᠳᠤ ᠬᠦᠷᠭᠡᠪᠡ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ | ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠢᠨ᠎ᠡ ᠶᠢ ᠡᠭᠦᠳᠦᠨ | ᠬᠡᠷᠡᠭᠵᠢᠭᠦᠯᠵᠦ᠂ 2024 ᠣᠨ ᠳᠤ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠮᠠᠰᠢᠨ ᠴᠣᠭᠴᠠᠯᠠᠪᠤᠷᠢ ᠶᠢ | 2727 ᠲᠦᠮᠡᠨ ᠺᠢᠯᠣᠸᠠᠲ ᠪᠠᠶᠢᠭᠤᠯᠵᠤ᠂ 238 ᠲᠦᠮᠡᠨ ᠮᠦ ᠡᠯᠡᠰᠦ ᠶᠢ ᠲᠥᠭᠦᠷᠵᠢᠭᠦᠯᠦᠨ ᠵᠠᠰᠠᠵᠤ᠂ | ᠬᠥᠪᠴᠢ ᠶᠢᠨ ᠡᠯᠡᠰᠦ ᠶᠢᠨ ᠬᠠᠲᠤᠨ ᠭᠤᠣᠯ ᠤᠨ ᠣᠷᠣᠨ ᠪᠦᠰᠡ ᠳᠠᠭᠠᠤ ᠨᠢᠭᠡ ᠵᠤᠷᠪᠤᠰ ︽ᠭᠡᠷᠡᠯᠴᠢ ᠴᠡᠨᠡᠭ ᠤᠨ | ᠣᠷᠳᠣ ᠴᠠᠭᠠᠨ ᠬᠡᠷᠡᠮ︾ ᠢ ᠪᠠᠶᠢᠭᠤᠯᠵᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ᠂ | ᠡᠨᠧᠷᠭᠢ ᠶᠢ ᠨᠡᠮᠡᠭᠳᠡᠭᠦᠯᠬᠦ ᠲᠠᠯ᠎ᠠ ᠪᠠᠷ ᠤᠯᠠᠨ ᠠᠰᠢᠭ ᠢ ᠪᠡᠶᠡᠯᠡᠭᠦᠯᠪᠡ᠃ ᠡᠨᠡ ᠵᠢᠯ 2000 ᠲᠦᠮᠡᠨ ᠮᠦ ᠠᠴᠠ | ᠳᠡᠭᠡᠭᠰᠢᠬᠢ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠪᠠᠷ ᠲᠥᠯᠥᠪᠯᠡᠵᠦ᠂ ᠬᠠᠲᠤᠨ ᠭᠤᠣᠯ ᠤᠨ ︽ᠶᠡᠭᠡ | ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠡᠰᠡᠭ ᠣᠷᠣᠨ ᠳᠤ ᠨᠣᠭᠤᠭᠠᠷᠠᠭᠤᠯᠤᠯᠲᠠ ᠶᠢᠨ ᠪᠦᠰᠡ᠂ | ᠨᠦᠯᠦᠮᠡᠯ ᠭᠠᠵᠠᠷ ᠤᠨ ᠬᠠᠰᠢᠯᠭ᠎ᠠ᠂ ᠭᠡᠷᠡᠯᠴᠢ ᠴᠡᠨᠡᠭ ᠤᠨ ᠡᠯᠡᠰᠦ ᠶᠢ ᠵᠠᠰᠠᠬᠤ ᠪᠦᠰᠡ᠂ ᠡᠯᠡᠰᠦ ᠶᠢ ᠡᠮᠵᠢᠶᠡᠷᠢᠯᠡᠬᠦ | ᠤᠢ ᠶᠢᠨ ︽ᠳᠥᠷᠪᠡᠨ ᠰᠡᠷᠭᠡᠶᠢᠯᠡᠯᠲᠡ ᠶᠢᠨ ᠱᠤᠭᠤᠮ︾ ᠢ ᠪᠠᠲᠤ ᠪᠠᠬᠢ ᠪᠠᠶᠢᠭᠤᠯᠵᠤ᠂ ᠬᠤᠷᠴᠢᠨ᠂ ᠬᠤᠯᠠᠨ ᠰᠢᠷᠭ᠎ᠠ | ᠲᠠᠭ᠎ᠠ ᠶᠢᠨ ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠬᠡᠰᠡᠭ ᠣᠷᠣᠨ ᠳᠤ | ︽ᠰᠢᠷᠭᠠᠯ ᠡᠯᠡᠰᠦ ᠶᠢ ᠰᠥᠨᠥᠭᠡᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠵᠢᠯ ᠤᠨ ᠳᠣᠲᠣᠷ᠎ᠠ ᠳᠠᠭᠢᠨ 9 | ᠬᠤᠰᠢᠭᠤ ᠰᠢᠶᠠᠨ ᠤ ᠨᠡᠭᠦᠳᠡᠯ ᠡᠯᠡᠰᠦᠷᠬᠡᠭ ᠭᠠᠵᠠᠷ ᠢ ᠪᠦᠭᠦᠨ ᠢ ᠰᠥᠨᠥᠭᠡᠬᠦ ᠪᠠᠷ ᠴᠢᠷᠮᠠᠶᠢᠵᠤ᠂ ᠾᠧᠰᠢ ᠶᠢᠨ ᠬᠤᠩᠭᠢᠯ | - ᠲᠠᠺᠯᠢᠮᠠᠺᠠᠨ ᠡᠯᠡᠰᠦᠨ ᠴᠥᠯ ᠤᠨ ᠵᠠᠬ᠎ᠠ ᠭᠦᠪᠡᠭᠡ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠤ ᠬᠡᠰᠡᠭ ᠣᠷᠣᠨ ᠳᠤ | ᠪᠠᠳᠠᠢ ᠶᠢᠨ ᠵᠢᠷᠠᠨ᠂ ᠲᠡᠭᠷᠢ᠂ ᠤᠯᠠᠭᠠᠨᠪᠤᠬ᠎ᠠ ᠶᠢᠨ ᠡᠯᠡᠰᠦᠨ ᠤ ᠵᠠᠬ᠎ᠠ ᠭᠦᠪᠡᠭᠡ ᠳᠤ ᠰᠠᠯᠬᠢ ᠶᠢ ᠰᠡᠷᠭᠡᠶᠢᠯᠡᠨ ᠡᠯᠡᠰᠦ ᠶᠢ | ᠬᠤᠷᠢᠭᠯᠠᠬᠤ ᠪᠦᠰᠡ ᠶᠢᠨ 431 ᠺᠢᠯᠣᠮᠧᠲᠷ ᠤᠨ ᠲᠠᠰᠤᠯᠳᠠᠯ ᠴᠡᠭ ᠢ ᠨᠥᠬᠦᠪᠦᠷᠢᠯᠡᠵᠦ᠂ ᠭᠤᠷᠪᠠᠨ ᠶᠡᠭᠡ | ᠡᠯᠡᠰᠦᠨ ᠳᠤ ︽ᠨᠣᠭᠤᠭᠠᠨ ᠬᠦᠵᠦᠭᠦᠪᠴᠢ︾ ᠵᠡᠭᠦᠯᠭᠡᠪᠡ᠃ ᠨᠢᠭᠡ ᠴᠣᠭᠴᠠᠵᠢᠭᠤᠯᠬᠤ ᠢᠨᠵᠧᠨᠧᠷᠢᠩ ᠳᠤ 1500 | ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠰᠢᠨ᠎ᠡ ᠪᠠᠷ ᠪᠠᠶᠢᠭᠤᠯᠵᠤ᠂ 140 ᠲᠦᠮᠡᠨ | ᠮᠦ ᠠᠴᠠ ᠳᠡᠭᠡᠭᠰᠢ ᠡᠯᠡᠰᠦ ᠶᠢ ᠲᠥᠭᠦᠷᠵᠢᠭᠦᠯᠦᠨ ᠵᠠᠰᠠᠪᠠ᠃ | ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠭᠤᠷᠪᠠᠨ ᠶᠡᠭᠡ ᠳᠠᠶᠢᠯᠠᠯᠳᠤᠭᠠᠨ ᠢ | ᠰᠠᠶᠢᠲᠤᠷ ᠬᠢᠪᠡ᠃ ᠡᠨᠡ ᠪᠣᠯ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠪᠦᠭᠦ | ᠲᠠᠯ᠎ᠠ ᠪᠠᠷ ᠠᠬᠢᠭᠤᠯᠬᠤ ᠳᠤ ᠲᠣᠭᠤᠷᠢᠵᠤ ᠭᠠᠷᠴᠤ ᠳᠡᠶᠢᠯᠭᠦ ᠦᠭᠡᠢ᠂ ᠵᠠᠶᠢᠯᠠᠵᠤ ᠴᠤ ᠳᠡᠶᠢᠯᠭᠦ ᠦᠭᠡᠢ᠂ ᠡᠷᠬᠡᠪᠰᠢ | ᠰᠠᠶᠢᠲᠤᠷ ᠬᠢᠬᠦ ᠴᠢᠬᠤᠯᠠᠲᠠᠢ ᠳᠠᠶᠢᠯᠠᠯᠳᠤᠭᠠᠨ ᠪᠣᠯᠣᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ | ᠱᠠᠭᠠᠷᠳᠠᠯᠭ᠎ᠠ ᠶᠢ ᠬᠢᠴᠢᠶᠡᠩᠭᠦᠶᠢᠯᠡᠨ ᠵᠢᠷᠤᠮᠯᠠᠵᠤ᠂ ᠥᠪᠥᠷ ᠮᠣᠩᠭᠤᠯ ᠤᠨ ᠨᠣᠮᠢᠨ ᠨᠣᠭᠤᠭᠠᠨ᠂ ᠬᠥᠬᠡᠮᠳᠦᠭ ᠴᠡᠩᠬᠡᠷ᠂ | ᠠᠷᠢᠭᠤᠨ ᠴᠡᠪᠡᠷ ᠢ ᠡᠷᠡᠰ ᠰᠠᠬᠢᠨ ᠬᠠᠮᠠᠭᠠᠯᠠᠪᠠ᠃ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠲᠠᠯ᠎ᠠ ᠪᠠᠷ᠂ | ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠ ᠣᠯᠠᠨ ᠪᠣᠬᠢᠷᠳᠤᠯ ᠪᠣᠳᠠᠰ ᠢ ᠬᠠᠮᠵᠢᠯᠴᠠᠨ ᠡᠵᠡᠮᠳᠡᠬᠦ ᠶᠢ | ᠳᠣᠪᠤᠶᠢᠯᠭᠠᠵᠤ᠂ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ᠂ ᠭᠦᠭᠡᠬᠤᠲᠠ ᠪᠤᠭᠤᠲᠤ ᠣᠷᠳᠣᠰ ᠵᠡᠷᠭᠡ | ᠭᠤᠣᠯᠳᠠᠯᠭ᠎ᠠ ᠲᠠᠢ ᠣᠷᠣᠨ ᠪᠦᠰᠡ ᠪᠠᠷ ᠭᠤᠣᠯ ᠲᠡᠶᠢᠨ ᠤ ᠲᠠᠯᠠᠪᠤᠷ ᠪᠤᠯᠭᠠᠵᠤ᠂ ᠨᠠᠮᠤᠷ ᠡᠪᠦᠯ ᠤᠨ ᠤᠯᠠᠷᠢᠯ ᠢᠶᠠᠷ | ᠭᠤᠣᠯᠳᠠᠯᠭ᠎ᠠ ᠲᠠᠢ ᠴᠠᠭ ᠬᠤᠭᠤᠴᠠᠭ᠎ᠠ ᠪᠤᠯᠭᠠᠵᠤ᠂ ᠣᠷᠣᠨ ᠪᠦᠰᠡ ᠶᠢᠨ ᠪᠣᠬᠢᠷᠳᠤᠯ ᠢ ᠬᠠᠮᠵᠢᠯᠴᠠᠨ ᠵᠠᠰᠠᠬᠤ ᠶᠢ | ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠪᠣᠬᠢᠷᠳᠤᠯ ᠭᠠᠳᠠᠭᠰᠢᠯᠠᠭᠤᠯᠬᠤ ᠶᠢ ᠦᠷᠭᠦᠯᠵᠢᠯᠡᠨ | ᠪᠠᠭᠠᠰᠬᠠᠪᠠ᠃ 2024 ᠣᠨ ᠳᠤ ᠪᠦᠭᠦ ᠣᠷᠣᠨ ᠤ ᠨᠠᠮᠤᠷ ᠡᠪᠦᠯ ᠤᠨ ᠤᠯᠠᠷᠢᠯ ᠤᠨ ᠠᠭᠠᠷ ᠤᠨ ᠶᠠᠰᠤ ᠴᠢᠨᠠᠷ | ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 99.2% ᠲᠤ ᠬᠦᠷᠴᠦ᠂ ᠬᠢᠨᠠᠨ ᠬᠡᠮᠵᠢᠭᠰᠡᠨ ᠲᠡᠮᠳᠡᠭᠯᠡᠯ | ᠬᠢᠭᠰᠡᠨ ᠠᠴᠠ ᠨᠠᠭᠠᠰᠢᠬᠢ ᠬᠠᠮᠤᠭ ᠤᠨ ᠰᠠᠶᠢᠨ ᠲᠦᠪᠰᠢᠨ ᠢ ᠡᠭᠦᠳᠴᠡᠢ᠃ ᠬᠥᠬᠡᠮᠳᠦᠭ ᠤᠰᠤ ᠶᠢ ᠬᠠᠮᠠᠭᠠᠯᠠᠬᠤ | ᠳᠠᠶᠢᠯᠠᠯᠳᠤᠭᠠᠨ ᠤ ᠲᠠᠯ᠎ᠠ ᠪᠠᠷ᠂ ᠤᠰᠤᠨ ᠤ ᠠᠮᠢ ᠠᠬᠤᠢ ᠶᠢᠨ ᠵᠠᠰᠠᠯᠲᠠ ᠶᠢᠨ ᠳᠣᠲᠣᠭᠠᠳᠤ ᠵᠢᠮ᠎ᠡ ᠬᠠᠤᠯᠢ ᠪᠠ ᠵᠢᠮ᠎ᠡ | ᠶᠣᠰᠣ ᠶᠢ ᠭᠦᠨᠵᠡᠭᠡᠢ ᠰᠤᠳᠤᠯᠵᠤ᠂ ᠤᠰᠤᠨ ᠤ ᠣᠷᠴᠢᠨ ᠲᠣᠭᠤᠷᠢᠨ ᠤ ᠵᠠᠰᠠᠯᠲᠠ ᠪᠠᠷ ᠭᠤᠣᠯ ᠪᠤᠯᠭᠠᠵᠤ | ᠪᠠᠶᠢᠭᠰᠠᠨ ᠠᠴᠠ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ | ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠬᠦ ᠲᠡᠶᠢᠰᠢ ᠬᠤᠪᠢᠷᠠᠭᠤᠯᠵᠤ᠂ ᠬᠥᠯᠥᠨ ᠨᠠᠭᠤᠷ᠂ ᠲᠠᠭ᠎ᠠ ᠶᠢᠨ ᠨᠠᠭᠤᠷ ᠤᠨ | ᠤᠰᠤᠨ ᠣᠷᠣᠨ ᠤ ᠲᠠᠯᠠᠪᠠᠶ ᠶᠢ ᠵᠦᠢ ᠵᠣᠬᠢᠰᠲᠠᠢ ᠣᠷᠣᠨ ᠪᠠᠶᠢᠷᠢ ᠳᠤ ᠲᠣᠭᠲᠠᠪᠤᠷᠢᠵᠢᠭᠤᠯᠵᠤ᠂ ᠤᠯᠠᠭᠠᠨᠰᠤᠬᠠᠢ | ᠨᠠᠭᠤᠷ ᠤᠨ ᠲᠥᠪ ᠤᠨ ᠣᠭᠲᠣᠯᠣᠭᠠᠰᠤ ᠶᠢᠨ ᠤᠰᠤᠨ ᠤ ᠴᠢᠨᠠᠷ ᠢ Ⅳ ᠲᠥᠷᠥᠯ ᠳᠤ ᠬᠦᠷᠭᠡᠵᠦ᠂ ︽ᠬᠥᠯᠥᠨ ᠨᠠᠭᠤᠷ | ᠤᠯᠠᠭᠠᠨᠰᠤᠬᠠᠢ ᠳᠠᠭ᠎ᠠ ᠶᠢᠨ ᠨᠠᠭᠤᠷ︾ ᠤᠨ ︽ᠭᠠᠳᠠᠷ ᠳᠦᠷᠢ ᠲᠥᠷᠬᠦ︾ ᠪᠠ ︽ᠳᠣᠲᠣᠭᠠᠳᠤ ᠳᠦᠷᠢ ᠲᠥᠷᠬᠦ︾ ᠶᠢ | ᠢᠯᠡᠳᠲᠡ ᠳᠡᠭᠡᠭᠰᠢᠯᠡᠭᠦᠯᠪᠡ᠃ 2024 ᠣᠨ ᠳᠤ᠂ ᠪᠦᠭᠦ ᠣᠷᠣᠨ ᠤ ᠭᠠᠵᠠᠷ ᠳᠡᠭᠡᠷᠡᠬᠢ ᠤᠰᠤᠨ ᠤ ᠤᠯᠤᠰ ᠤᠨ | ᠰᠢᠯᠭᠠᠨ ᠪᠠᠶᠢᠴᠠᠭᠠᠯᠲᠠ ᠶᠢᠨ ᠣᠭᠲᠣᠯᠣᠭᠠᠰᠤ ᠶᠢᠨ ᠤᠰᠤᠨ ᠤ ᠴᠢᠨᠠᠷⅢ ᠲᠥᠷᠥᠯ ᠤᠨ ᠤᠰᠤᠨ ᠴᠣᠭᠴᠠ ᠶᠢᠨ | ᠬᠠᠷᠢᠴᠠᠯ ᠳᠤ ᠭᠦᠷᠦᠭᠰᠡᠨ ᠪᠤᠶᠤ ᠲᠡᠭᠦᠨ ᠠᠴᠠ ᠰᠠᠶᠢᠨ ᠪᠠᠶᠢᠬᠤ ᠬᠠᠷᠢᠴᠠᠯ ᠨᠢ 80.2% ᠪᠠᠶᠢᠵᠤ᠂ 2014 | ᠣᠨ ᠤ ᠬᠢ ᠠᠴᠠ ᠵᠠᠭᠤᠨ ᠤ ᠬᠠᠷᠢᠴᠠᠯ ᠢᠶᠠᠷ 22.5 ᠬᠤᠪᠢ ᠳᠡᠭᠡᠭᠰᠢᠯᠡᠪᠡ᠃ ᠴᠡᠪᠡᠷ ᠬᠥᠷᠥᠰᠥ ᠶᠢ ᠬᠠᠮᠠᠭᠠᠯᠠᠬᠤ | ᠳᠠᠶᠢᠯᠠᠯᠳᠤᠭᠠᠨ ᠤ ᠲᠠᠯ᠎ᠠ ᠪᠠᠷ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠲᠥᠷᠥᠯ ᠬᠤᠪᠢᠶᠠᠨ ᠬᠠᠮᠢᠶᠠᠷᠬᠤ ᠪᠠ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠬᠥᠷᠥᠰᠥ | ᠰᠢᠷᠣᠢ ᠪᠠ ᠭᠠᠵᠠᠷ ᠳᠣᠣᠷᠠᠬᠢ ᠤᠰᠤᠨ ᠤ ᠪᠣᠬᠢᠷᠳᠤᠯ ᠤᠨ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ | ᠲᠣᠭᠤᠷᠢᠨ ᠤ ᠠᠶᠤᠯ ᠲᠦᠭᠰᠢᠭᠦᠷᠢ ᠶᠢ ᠴᠢᠩᠭ᠎ᠠ ᠬᠢᠵᠠᠭᠠᠷᠯᠠᠵᠤ᠂ ᠬᠤᠲᠠ ᠬᠥᠳᠡᠭᠡ ᠶᠢᠨ ᠬᠤᠭ ᠨᠣᠪᠰᠢ ᠶᠢ ᠬᠤᠣᠷ | ᠦᠭᠡᠶᠢᠳᠡᠭᠦᠯᠦᠨ ᠰᠢᠢᠳᠪᠦᠷᠢᠯᠡᠬᠦ ᠶᠢ ᠠᠬᠢᠭᠤᠯᠵᠤ᠂ ᠤᠰᠤ ᠪᠣᠷᠳᠣᠭᠤᠷ ᠪᠦᠷᠬᠦᠭᠦᠯ ᠡᠮ ︽ᠳᠥᠷᠪᠡ ᠶᠢ ᠡᠵᠡᠮᠳᠡᠬᠦ︾ ᠶᠢ | ᠬᠡᠷᠡᠭᠵᠢᠭᠦᠯᠵᠦ᠂ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠤᠷ ᠲᠦᠪᠰᠢᠨ ᠢᠶᠠᠷ | ᠠᠰᠢᠭᠯᠠᠬᠤ ᠶᠢ ᠪᠦᠲᠦᠮᠵᠢᠲᠡᠶ ᠪᠠᠲᠤᠯᠠᠪᠠ᠃ | ᠶᠡᠷᠦᠩᠬᠡᠶᠢᠯᠡᠨ ᠵᠠᠰᠠᠬᠤ ᠪᠠᠷ ᠳᠠᠮᠵᠢᠭᠤᠯᠤᠨ᠂ ᠥᠪᠥᠷ ᠮᠣᠩᠭᠤᠯ ᠠᠮᠢ ᠠᠬᠤᠢ ᠶᠢᠨ ᠰᠢᠰᠲ᠋ᠧᠮ ᠤᠨ ︽ᠪᠦᠬᠦᠯᠢ | ᠴᠣᠭᠴᠠ ᠪᠠᠷ ᠬᠤᠷᠢᠭᠯᠠᠵᠤ᠂ ᠬᠡᠰᠡᠭ ᠲᠠᠯ᠎ᠠ ᠪᠠᠷ ᠰᠠᠶᠢᠵᠢᠷᠠᠭᠰᠠᠨ︾ ᠬᠤᠪᠢᠷᠠᠯᠲᠠ ᠶᠢ ᠪᠡᠶᠡᠯᠡᠭᠦᠯᠪᠡ᠃ ᠬᠤᠶᠢᠰᠢᠳᠠ | ᠮᠥᠨ ᠬᠦ ︽ᠵᠠᠰᠠᠬᠤ︾ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠲᠤᠰᠢᠶᠠᠯ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠡᠷᠴᠢ ᠵᠣᠷᠢᠭ ᠢᠶᠠᠨ ᠬᠥᠪᠴᠢᠯᠡᠨ᠂ ᠴᠢᠷᠮᠠᠶᠢᠨ ᠪᠣᠭᠤᠮᠲᠠ | ᠰᠢᠪᠲᠤᠯᠵᠤ᠂ ᠨᠡᠩ ᠤᠯᠠᠨ ︽ᠬᠠᠮᠠᠷ ᠬᠠᠳᠬᠤᠬᠤ ᠡᠪᠡᠰᠦ ᠦᠭᠡᠢ ᠭᠠᠵᠠᠷ︾ ᠢ ︽ᠬᠥᠮᠥᠨ ᠤ ᠣᠷᠴᠢᠯᠠᠩ ᠤᠨ | ᠨᠣᠭᠤᠭᠠᠨ ᠪᠦᠷᠢᠳᠦ︾ ᠪᠣᠯᠭᠠᠨ᠎ᠠ᠃ ᠨᠠᠷᠢᠯᠢᠭ ᠣᠨᠣᠴᠠᠲᠠᠢ ᠪᠠᠷ ᠪᠣᠬᠢᠷᠳᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ | ᠪᠣᠬᠢᠷᠳᠤᠯ ᠢ ᠵᠠᠰᠠᠬᠤ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ ᠪᠠᠷᠢᠮᠲᠠᠯᠠᠵᠤ᠂ ᠪᠣᠬᠢᠷᠳᠤᠯ ᠪᠣᠳᠠᠰ ᠢ ᠭᠡᠲᠦ | ᠭᠠᠳᠠᠭᠰᠢᠯᠠᠭᠤᠯᠬᠤ᠂ ᠭᠠᠵᠠᠷ ᠳᠣᠣᠷᠠᠬᠢ ᠤᠰᠤ ᠶᠢ ᠭᠡᠲᠦ ᠮᠠᠯᠲᠠᠬᠤ᠂ ᠳᠤᠷ᠎ᠠ ᠪᠠᠷ ᠢᠶᠠᠨ ᠮᠠᠯᠲᠠᠬᠤ ᠵᠡᠷᠭᠡ ᠲᠣᠪᠣᠶᠢᠮ᠎ᠠ | ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ ᠳᠦᠷᠢᠮ ᠲᠣᠭᠲᠠᠭᠠᠯ ᠲᠣᠭᠲᠠᠭᠠᠵᠤ᠂ ᠵᠠᠰᠠᠯᠲᠠ ᠶᠢ ᠲᠡᠭᠦᠯᠳᠡᠷᠵᠢᠭᠦᠯᠦᠨ᠂ | ᠥᠪᠥᠷ ᠮᠣᠩᠭᠤᠯ ᠤᠨ ᠡᠬᠡ ᠭᠠᠵᠠᠷ ᠲᠤ ᠬᠥᠬᠡᠮᠳᠦᠭ ᠠᠭᠤᠯᠠ ᠥᠨᠢᠳᠡ ᠰᠦᠨᠳᠡᠷᠯᠡᠵᠦ᠂ ᠨᠣᠮᠢᠨ ᠤᠰᠤ ᠥᠨᠢᠳᠡ | ᠤᠷᠤᠰᠴᠤ᠂ ᠠᠭᠤᠷ ᠠᠮᠢᠰᠬᠤᠯ ᠥᠨᠢᠳᠡ ᠰᠢᠨ᠎ᠡ ᠰᠣᠷᠭᠤᠭ ᠪᠠᠶᠢᠬᠤ ᠪᠣᠯᠭᠠᠨ᠎ᠠ᠃ | ︽ᠬᠤᠪᠢᠷᠠᠭᠤᠯᠤᠯᠲᠠ︾ ᠪᠠᠷ ᠪᠣᠬᠢᠷᠳᠤᠯ ᠦᠭᠡᠢ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠪᠡ | ᠶᠡᠷᠦᠩᠬᠡᠢ ᠱᠦᠵᠢ ᠰᠢ ᠶᠢᠨ ᠫᠢᠩ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠮᠢ | ᠠᠬᠤᠢ ᠣᠷᠴᠢᠨ ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠠᠴᠠ ᠨᠢ ᠵᠠᠰᠠᠬᠤ ᠠᠷᠭ᠎ᠠ ᠪᠣᠳᠣᠯᠭ᠎ᠠ | ᠪᠤᠯᠭᠠᠬᠤ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ 2023 ᠣᠨ ᠤ 6 ᠰᠠᠷ᠎ᠠ ᠳᠤ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ︽ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠭᠡ ᠪᠠᠷ | ᠬᠥᠭᠵᠢᠭᠦᠯᠵᠦ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ | ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ︾ ᠭᠡᠵᠦ ᠪᠢᠳᠡᠨ ᠳᠤ ᠱᠠᠭᠠᠷᠳᠠᠪᠠ᠃ ᠥᠪᠥᠷ ᠮᠣᠩᠭᠤᠯ ᠳᠤ | ᠠᠪᠴᠤ ᠬᠡᠯᠡᠪᠡᠯ᠂ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢᠨ | ᠴᠠᠭ ᠦᠶ᠎ᠡ ᠶᠢᠨ ᠬᠠᠭᠤᠳᠠᠰᠤ ᠶᠢ ᠰᠠᠶᠢᠲᠤᠷ ᠬᠠᠷᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠡᠷᠲᠡ | ᠬᠤᠪᠢᠷᠠᠭᠤᠯᠪᠠᠯ ᠡᠷᠲᠡ ᠦᠷ᠎ᠡ ᠪᠦᠲᠦᠮᠵᠢ ᠣᠯᠬᠤ᠂ ᠡᠷᠲᠡ ᠰᠠᠨᠠᠭᠠᠴᠢᠯᠠᠭᠠᠲᠤ ᠡᠷᠬᠡ ᠶᠢ ᠣᠯᠵᠤ᠂ ᠠᠯᠭᠤᠷ | ᠬᠤᠪᠢᠷᠠᠭᠤᠯᠪᠠᠯ ᠠᠰᠠᠭᠤᠳᠠᠯ ᠨᠠᠩ ᠣᠯᠠᠨ ᠬᠤᠷᠠᠮᠳᠤᠬᠤ ᠪᠣᠯᠵᠤ᠂ ᠬᠤᠶᠢᠰᠢᠳᠠ ᠶᠢᠨ ᠬᠥᠭᠵᠢᠯᠲᠡ ᠨᠠᠩ | ᠰᠠᠨᠠᠭᠠᠴᠢᠯᠠᠭ᠎ᠠ ᠦᠭᠡᠢ ᠪᠠᠶᠢᠳᠠᠯ ᠳᠤ ᠣᠷᠣᠬᠤ ᠪᠣᠯᠣᠨ᠎ᠠ᠃ ᠪᠢᠳᠡ ᠠᠵᠤ ᠦᠢᠯᠡᠰ ᠢ ᠠᠮᠢ ᠠᠬᠤᠶᠢᠵᠢᠭᠤᠯᠬᠤ ᠪᠠ ᠠᠮᠢ | ᠠᠬᠤᠢ ᠶᠢ ᠠᠵᠤ ᠦᠢᠯᠡᠰᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠡᠷᠭᠢᠯᠲᠡᠲᠦ ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ 2024 ᠣᠨ ᠳᠤ | ᠪᠦᠭᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 5.8% ᠪᠠᠷ ᠨᠡᠮᠡᠭᠳᠡᠵᠦ᠂ ᠠᠵᠤ | ᠠᠬᠤᠢ ᠶᠢᠨ ᠶᠡᠷᠦᠩᠬᠡᠢ ᠬᠡᠮᠵᠢᠶ᠎ᠡ 2.6 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠪᠦᠭᠦ ᠤᠯᠤᠰ ᠤᠨ ᠳᠤᠮᠳᠠ | ᠲᠦᠪᠰᠢᠨ ᠳᠤ ᠣᠷᠣᠪᠠ᠃ | ᠪᠣᠬᠢᠷᠳᠤᠯ ᠦᠭᠡᠢ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠪᠠ᠃ ᠥᠪᠥᠷ ᠮᠣᠩᠭᠤᠯ ᠤᠨ ᠨᠡᠭᠦᠷᠡᠰᠦᠨ ᠤ | ᠬᠠᠳᠠᠭᠠᠯᠠᠭᠳᠠᠴᠠ ᠪᠠ ᠭᠠᠷᠤᠯᠲᠠ ᠴᠥᠮ ᠪᠦᠭᠦ ᠤᠯᠤᠰ ᠤᠨ 1/4 ᠶᠢ ᠳᠠᠪᠠᠵᠤ᠂ ᠰᠠᠯᠬᠢᠨ ᠤ ᠡᠨᠧᠷᠭᠢ᠂ ᠨᠡᠷᠡᠨ ᠤ | ᠡᠨᠧᠷᠭᠢ ᠶᠢᠨ ᠮᠡᠷᠭᠡᠵᠢᠯ ᠤᠨ ᠨᠡᠭᠡᠭᠡᠨ ᠠᠰᠢᠭᠯᠠᠵᠤ ᠪᠤᠯᠬᠤ ᠬᠡᠮᠵᠢᠶ᠎ᠡ ᠲᠣᠰ ᠲᠣᠰ ᠪᠦᠭᠦ ᠤᠯᠤᠰ ᠤᠨ 1/2 ᠪᠠ | 1/5 ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ᠤᠳᠤ ᠦᠶ᠎ᠡ ᠶᠢᠨ | ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠡᠷᠡᠭᠲᠡᠢ︾ ᠭᠡᠰᠡᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ | ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠶᠡᠭᠡ ᠪᠠᠷ ᠠᠬᠢᠭᠤᠯᠵᠤ᠂ ᠨᠡᠭᠦᠷᠡᠰᠦ ᠪᠠᠷ | ᠴᠠᠭᠢᠯᠭᠠᠨ ᠭᠠᠷᠭᠠᠬᠤ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠪᠡᠶᠡᠯᠡᠭᠦᠯᠬᠦ ᠶᠢᠨ ᠬᠠᠮᠲᠤ᠂ | ︽ᠨᠡᠭᠦᠷᠡᠰᠦ ᠪᠠᠷ ᠲᠦᠷᠦᠭᠦᠯᠡᠭᠦᠯᠵᠦ ᠬᠢᠮᠢ ᠶᠢᠨ ᠠᠵᠤ ᠦᠢᠯᠡᠳᠪᠦᠷᠢ ᠶᠢ ᠬᠠᠪᠰᠤᠷᠭᠠᠬᠤ︾ ᠶᠢ ᠣᠨᠢᠯᠠᠨ ᠤᠳᠤ | ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠲᠦᠷᠭᠡᠨ ᠬᠥᠭᠵᠢᠭᠦᠯᠵᠦ᠂ ᠤᠯᠤᠰ ᠤᠨ | ᠳᠣᠲᠣᠭᠠᠳᠤ ᠶᠢᠨ ᠬᠡᠪᠴᠢᠶ᠎ᠡ ᠪᠠᠷ ᠬᠠᠮᠤᠭ ᠤᠨ ᠶᠡᠭᠡ᠂ ᠲᠦᠷᠦᠯ ᠵᠦᠢᠯ ᠢᠶᠠᠷ ᠬᠠᠮᠤᠭ ᠤᠨ ᠪᠦᠷᠢᠨ ᠤᠳᠤ ᠦᠶ᠎ᠡ ᠶᠢᠨ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠢ ᠪᠠᠶᠢᠭᠤᠯᠵᠤ᠂ ᠨᠡᠭᠦᠷᠡᠰᠦᠨ ᠤ | ᠠᠵᠤ ᠦᠢᠯᠡᠰ ᠤᠨ ᠬᠡᠯᠬᠢᠶ᠎ᠡ ᠶᠢ ᠠᠬᠢᠨ ᠲᠠᠭᠢᠨ ᠤᠷᠲᠤᠳᠬᠠᠵᠤ᠂ ︽ᠨᠢᠭᠡ ᠬᠡᠰᠡᠭ ᠨᠡᠭᠦᠷᠡᠰᠦ ᠶᠢ ᠨᠢᠭᠡ ᠪᠠᠭᠴᠠ | ᠰᠢᠷᠬᠡᠭ᠂ ᠨᠢᠭᠡ ᠰᠢᠷᠬᠡᠭ ᠪᠥᠰ︾ ᠪᠤᠯᠭᠠᠬᠤ ᠬᠤᠪᠢᠷᠠᠯᠲᠠ ᠶᠢ ᠠᠩᠬ᠎ᠠ ᠠᠯᠬᠤᠮ ᠪᠡᠶᠡᠯᠡᠭᠦᠯᠪᠡ᠃ ︽ᠰᠠᠯᠬᠢ ᠭᠡᠷᠡᠯ ᠤᠨ | ᠡᠨᠧᠷᠭᠢ ᠶᠢ ᠠᠰᠢᠭᠯᠠᠵᠤ︾ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠢᠶᠠᠷ ᠰᠢᠨ᠎ᠡ ᠡᠨᠧᠷᠭᠢ ᠶᠢ ᠨᠡᠭᠡᠭᠡᠨ | ᠬᠥᠭᠵᠢᠭᠦᠯᠵᠦ᠂ ︽ᠡᠯᠡᠰᠦ ᠭᠤᠪᠢ ᠴᠦᠯ︾ ᠤᠨ ᠲᠣᠮᠣ ᠰᠠᠭᠤᠷᠢᠨ ᠢ ᠪᠦᠭᠦ ᠬᠦᠴᠦᠨ ᠢᠶᠠᠷ ᠢᠶᠠᠨ ᠪᠦᠲᠦᠭᠡᠨ | ᠪᠠᠶᠢᠭᠤᠯᠵᠤ᠂ 2024 ᠣᠨ ᠤ ᠰᠡᠭᠦᠯᠴᠢ ᠪᠤᠯᠲᠠᠯ᠎ᠠ ᠪᠦᠭᠦ ᠣᠷᠣᠨ ᠤ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠬᠡᠪᠴᠢᠶ᠎ᠡ 1.35 ᠳ᠋ᠦᠩᠰᠢᠭᠤᠷ ᠺᠢᠯᠣᠸᠠᠲ ᠲᠤ ᠬᠦᠷᠴᠦ᠂ ᠢᠯᠴᠢ ᠶᠢᠨ ᠴᠠᠭᠢᠯᠭᠠᠨ ᠤ ᠮᠠᠰᠢᠨ | ᠴᠣᠭᠴᠠᠯᠠᠪᠤᠷᠢ ᠠᠴᠠ ᠳᠠᠪᠠᠵᠤ᠂ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ 1000 | ᠲᠦᠮᠡᠨ ᠺᠢᠯᠣᠸᠠᠲ ᠢ ᠳᠠᠪᠠᠵᠤ᠂ ᠪᠣᠬᠢᠷᠳᠤᠯ ᠦᠭᠡᠢ ᠤᠰᠤᠲᠥ᠋ᠷᠥᠭᠴᠢᠲᠤ ᠦᠢᠯᠡᠳᠪᠦᠷᠢᠯᠡᠯ ᠤᠨ ᠴᠢᠳᠠᠪᠤᠷᠢ 6 | ᠲᠦᠮᠡᠨ ᠲᠣᠨ ᠳᠤ ᠬᠦᠷᠴᠦ᠂ ᠰᠢᠨ᠎ᠡ ᠡᠨᠧᠷᠭᠢ ᠪᠠᠷ ᠭᠤᠣᠯ ᠴᠣᠭᠴᠠ ᠪᠤᠯᠭᠠᠬᠰᠠᠨ ᠡᠨᠧᠷᠭᠢ ᠶᠢᠨ ᠬᠠᠩᠭᠠᠯᠭ᠎ᠠ ᠶᠢᠨ | ᠰᠢᠰᠲ᠋ᠧᠮ ᠪᠠ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠪᠠᠶᠢᠭᠤᠯᠪᠠ᠃ ᠪᠣᠬᠢᠷᠳᠤᠯ ᠦᠭᠡᠢ | ᠴᠠᠭᠢᠯᠭᠠᠨ ᠤ ᠪᠠᠭᠲᠠᠭᠠᠨ ᠰᠢᠩᠭᠡᠭᠡᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠡ ᠡᠨᠧᠷᠭᠢ ᠶᠢᠨ ᠠᠰᠢᠭᠯᠠᠯᠲᠠ ᠶᠢᠨ | ᠨᠤᠷᠮ᠎ᠠ ᠶᠢ 94% ᠳᠤ ᠬᠦᠷᠭᠡᠵᠦ᠂ ᠪᠣᠬᠢᠷᠳᠤᠯ ᠦᠭᠡᠢ ᠴᠠᠭᠢᠯᠭᠠᠨ ᠤ ᠬᠡᠷᠡᠭᠯᠡᠭᠡ ᠨᠢ ᠴᠠᠭᠢᠯᠭᠠᠨ ᠬᠡᠷᠡᠭᠯᠡᠬᠦ | ᠬᠡᠮᠵᠢᠶ᠎ᠡ ᠶᠢᠨ 30% ᠳᠤ ᠣᠶᠢᠷᠠᠲᠤᠪᠠ᠃ ᠮᠤᠵᠢ ᠠᠯᠤᠰᠯᠠᠭᠰᠠᠨ ᠣᠨᠴᠠ ᠥᠨᠳᠥᠷ ᠬᠦᠴᠦᠳᠡᠯᠲᠦ ᠪᠣᠬᠢᠷᠳᠤᠯ ᠦᠭᠡᠢ | ᠴᠠᠭᠢᠯᠭᠠᠨ ᠤ ᠠᠷᠠᠯᠵᠢᠶ᠎ᠠ ᠶᠢ ᠢᠳᠡᠪᠬᠢᠲᠡᠢ ᠥᠷᠨᠢᠭᠦᠯᠵᠦ᠂ 5 ᠮᠤᠵᠢ ᠣᠷᠣᠨ ᠲᠠᠢ ᠪᠣᠬᠢᠷᠳᠤᠯ ᠦᠭᠡᠢ ᠴᠠᠭᠢᠯᠭᠠᠨ ᠢ | ᠭᠠᠳᠠᠭᠰᠢ ᠬᠦᠷᠭᠡᠬᠦ ᠠᠷᠠᠯᠵᠢᠶᠠᠨ ᠤ ᠬᠠᠮᠲᠤᠷᠠᠯᠴᠠᠭ᠎ᠠ ᠪᠠᠶᠢᠭᠤᠯᠵᠤ᠂ ᠠᠷᠠᠯᠵᠢᠶᠠᠨ ᠤ ᠬᠡᠪᠴᠢᠶ᠎ᠡ 762 ᠳ᠋ᠦᠩᠰᠢᠭᠤᠷ | ᠭᠷᠡᠳᠦ᠋ᠰ ᠲᠤ ᠭᠦᠷᠪᠡ᠃ | ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠪᠠ᠃ ᠥᠪᠥᠷ | ᠮᠣᠩᠭᠤᠯ ᠤᠨ ᠤᠯᠠᠮᠵᠢᠯᠠᠯᠲᠤ ᠠᠵᠤ ᠦᠢᠯᠡᠰ ᠣᠯᠠᠨ᠂ ᠰᠢᠨ᠎ᠡ ᠪᠠᠷ ᠮᠠᠨᠳᠤᠭᠰᠠᠨ ᠠᠵᠤ ᠦᠢᠯᠡᠰ ᠴᠥᠭᠡᠨ᠂ ᠳᠣᠣᠷᠠᠳᠤ | ᠲᠠᠰ ᠤᠨ ᠠᠵᠤ ᠦᠢᠯᠡᠰ ᠣᠯᠠᠨ᠂ ᠳᠡᠭᠡᠳᠦ ᠲᠠᠰ ᠤᠨ ᠠᠵᠤ ᠦᠢᠯᠡᠰ ᠴᠥᠭᠡᠨ᠂ ᠡᠬᠢ ᠪᠠᠶᠠᠯᠢᠭ ᠤᠨ ᠭᠡᠯᠪᠡᠷᠢ ᠶᠢᠨ | ᠠᠵᠤ ᠦᠢᠯᠡᠰ ᠣᠯᠠᠨ᠂ ᠥᠨᠳᠥᠷ ᠨᠡᠮᠡᠯᠲᠡ ᠥᠷᠲᠡᠭᠲᠦ ᠠᠵᠤ ᠦᠢᠯᠡᠰ ᠴᠥᠭᠡᠨ᠂ ᠭᠦᠳᠡᠯᠮᠦᠷᠢ ᠨᠢᠭᠲᠠᠷᠠᠭᠰᠠᠨ ᠠᠵᠤ | ᠦᠢᠯᠡᠰ ᠣᠯᠠᠨ᠂ ᠬᠥᠷᠥᠩᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢᠭᠲᠠᠷᠠᠭᠰᠠᠨ ᠠᠵᠤ ᠦᠢᠯᠡᠰ ᠴᠥᠭᠡᠨ | ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ︽ᠥᠪᠥᠷ ᠮᠣᠩᠭᠤᠯ ᠤᠨ ᠥᠪᠡᠷᠮᠢᠴᠡ ᠳᠠᠪᠠᠭᠤᠯᠢᠭ ᠢ ᠢᠯᠡᠷᠡᠭᠦᠯᠦᠭᠰᠡᠨ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ︾ ᠭᠡᠵᠦ ᠱᠠᠭᠠᠷᠳᠠᠭᠰᠠᠨ | ᠨᠢ ᠪᠢᠳᠡᠨ ᠤ ᠠᠵᠤ ᠠᠬᠤᠢ ᠶᠢᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠶᠢ | ᠠᠬᠢᠭᠤᠯᠬᠤ ᠳᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠬᠠᠩᠭᠠᠪᠠ᠃ ᠪᠢᠳᠡ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠬᠤ ᠶᠢ ᠪᠠᠷᠢᠮᠲᠠᠯᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠶᠡᠭᠡ ᠪᠠᠷ | ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠵᠦ᠂ ︽9 + 5 + 3︾ ᠶᠢᠨ ᠢᠷᠡᠭᠡᠳᠦᠢ ᠶᠢᠨ ᠠᠵᠤ ᠦᠢᠯᠡᠰ ᠤᠨ ᠱᠠᠲᠤᠯᠢᠭ | ᠪᠣᠶᠢᠵᠢᠭᠤᠯᠤᠨ ᠬᠥᠭᠵᠢᠭᠦᠯᠬᠦ ᠪᠠᠶᠢᠷᠢᠰᠢᠯ ᠢ ᠪᠠᠶᠢᠭᠤᠯᠵᠤ᠂ ︽9︾ ᠭᠡᠳᠡᠭ ᠨᠢ ᠳᠠᠷᠤᠢ ᠨᠡᠭᠦᠷᠡᠰᠦᠨ ᠡᠯᠧᠮᠧᠨ᠋ᠲ ᠢᠶᠠᠷ | ᠰᠠᠭᠤᠷᠢ ᠪᠤᠯᠭᠠᠬᠰᠠᠨ ᠨᠢᠭᠡᠳᠪᠦᠷᠢ ᠪᠠ ᠰᠢᠨ᠎ᠡ ᠮᠠᠲ᠋ᠧᠷᠢᠶᠠᠯ᠂ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ᠂ | ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠤᠰᠤᠲᠥ᠋ᠷᠥᠭᠴᠢ ᠡᠨᠧᠷᠭᠢ᠂ ᠰᠢᠨ᠎ᠡ ᠭᠡᠯᠪᠡᠷᠢ ᠶᠢᠨ ᠨᠥᠭᠡᠴᠡ ᠡᠨᠧᠷᠭᠢ᠂ | ᠪᠣᠳᠣᠯᠲᠠ ᠶᠢᠨ ᠬᠦᠴᠦᠨ ᠤ ᠲᠣᠣᠷ ᠵᠡᠷᠭᠡ 9 ᠶᠡᠭᠡ ᠳᠠᠪᠠᠭᠤᠯᠢᠭ ᠠᠵᠤ ᠦᠢᠯᠡᠰ ᠢ ᠤᠷᠢᠳ ᠢᠶᠠᠷ ᠬᠥᠭᠵᠢᠭᠦᠯᠵᠦ᠂ | ︽5︾ ᠭᠡᠳᠡᠭ ᠨᠢ ᠳᠠᠷᠤᠢ ᠠᠮᠢᠳᠤ ᠪᠣᠳᠠᠰ ᠤᠨ ᠮᠠᠰ ᠤᠨ ᠪᠣᠬᠢᠷᠳᠤᠯ ᠦᠭᠡᠢ ᠡᠨᠧᠷᠭᠢ᠂ ᠨᠡᠮᠡᠯᠲᠡ ᠮᠠᠲ᠋ᠧᠷᠢᠶᠠᠯ | ᠦᠢᠯᠡᠳᠬᠦ ᠵᠡᠷᠭᠡ 5 ᠶᠡᠭᠡ ᠳᠠᠯᠳᠠ ᠬᠦᠴᠦᠨ ᠲᠠᠢ ᠠᠵᠤ ᠦᠢᠯᠡᠰ ᠢ ᠲᠦᠷᠭᠡᠳᠬᠡᠨ ᠪᠣᠶᠢᠵᠢᠭᠤᠯᠵᠤ᠂ ︽3︾ ᠭᠡᠳᠡᠭ | ᠨᠢ ᠭᠡᠳᠦ ᠳᠠᠮᠵᠢᠭᠤᠯᠭ᠎ᠠ ᠶᠢᠨ ᠮᠠᠲ᠋ᠧᠷᠢᠶᠠᠯ᠂ ᠣᠭᠤᠰᠣᠷ ᠦᠭᠡᠢ ᠶᠢᠷᠲᠢᠨᠴᠦ᠂ ᠲᠡᠷᠢᠭᠦᠨ ᠤ ᠴᠥᠮ᠎ᠡ ᠶᠢᠨ ᠡᠨᠧᠷᠭᠢ | ᠵᠡᠷᠭᠡ 3 ᠶᠡᠭᠡ ᠪᠠᠷᠠᠯᠠᠯᠳᠤ ᠭᠡᠯᠪᠡᠷᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠤᠨ᠎ᠠ᠃ 2024 ᠣᠨ ᠳᠤ | ᠨᠡᠭᠦᠷᠡᠰᠦᠨ ᠤ ᠪᠤᠰᠤ ᠠᠵᠤ ᠦᠢᠯᠡᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠡᠵᠡᠯᠡᠬᠦ | ᠬᠤᠪᠢ ᠶᠢᠨ ᠵᠢᠩ 60% ᠠᠴᠠ ᠳᠡᠭᠡᠭᠰᠢ ᠳᠤ ᠬᠦᠷᠴᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠲᠣᠨᠣᠭᠯᠠᠯ ᠦᠢᠯᠡᠳᠬᠦ ᠦᠢᠯᠡᠰ ᠤᠨ ᠬᠡᠪᠴᠢᠶ᠎ᠡ | ᠴᠥᠮ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ | ᠦᠷᠭᠦᠯᠵᠢᠯᠡᠨ ᠡᠯᠪᠡᠭ ᠲᠣᠭᠲᠠᠭᠤᠨ ᠪᠠᠶᠢᠵᠤ᠂ ᠠᠮᠤ ᠪᠤᠳᠠᠭᠠᠨ ᠤ ᠤᠨᠠᠯᠲᠠ 800 ᠳ᠋ᠦᠩᠰᠢᠭᠤᠷ ᠵᠢᠩ ᠢ ᠳᠠᠪᠠᠵᠤ᠂ | ᠦᠬᠡᠷ ᠤᠨ ᠮᠢᠬ᠎ᠠ᠂ ᠬᠤᠨᠢᠨ ᠮᠢᠬ᠎ᠠ᠂ ᠦᠨᠢᠶᠡᠨ ᠰᠦ᠂ ᠢᠮᠠᠭᠠᠨ ᠨᠣᠣᠯᠣᠭᠤᠷ ᠤᠨ ᠭᠠᠷᠤᠯᠲᠠ ᠪᠦᠭᠦ ᠤᠯᠤᠰ ᠲᠤ | ᠲᠦᠷᠦᠭᠦᠯᠡᠪᠡ᠃ ᠬᠤᠪᠣᠷ ᠰᠢᠷᠣᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠴᠢᠨᠠᠷᠲᠠᠢ ᠨᠡᠭᠡᠭᠡᠯᠲᠡ᠂ ᠴᠢᠨᠠᠷᠵᠢᠭᠤᠨ | ᠠᠰᠢᠭᠯᠠᠯᠲᠠ᠂ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠵᠤ᠂ ᠬᠤᠪᠣᠷ ᠰᠢᠷᠣᠢ ᠶᠢᠨ ᠠᠵᠤ ᠦᠢᠯᠡᠰ ᠤᠨ | ᠦᠢᠯᠡᠳᠬᠦᠨ ᠤ ᠥᠷᠲᠡᠭ 1000 ᠳ᠋ᠦᠩᠰᠢᠭᠤᠷ ᠲᠥᠭᠦᠷᠢᠭ ᠢ ᠳᠠᠪᠠᠪᠠ᠃ ᠲᠣᠭᠠᠴᠢᠯᠠᠭᠰᠠᠨ ᠠᠵᠤ ᠠᠬᠤᠢ ᠶᠢᠨ | ᠳᠠᠪᠠᠭᠤᠯᠢᠭ ᠠᠭᠠᠵᠢᠮ ᠢᠶᠠᠷ ᠢᠯᠡᠷᠡᠵᠦ᠂ ᠪᠦᠭᠦ ᠣᠷᠣᠨ ᠤ ᠪᠣᠳᠣᠯᠲᠠ ᠶᠢᠨ ᠬᠦᠴᠦᠨ ᠤ ᠬᠡᠪᠴᠢᠶ᠎ᠡ 12.6 ᠲᠦᠮᠡᠨ | P᠂ ᠡᠭᠦᠨ ᠳᠤ ᠣᠶᠤᠨᠲᠤ ᠪᠣᠳᠣᠯᠲᠠ ᠶᠢᠨ ᠬᠡᠪᠴᠢᠶ᠎ᠡ 11.6 ᠲᠦᠮᠡᠨ P ᠪᠤᠶ᠃ 2024 ᠣᠨ ᠳᠤ ᠰᠦ ᠶᠢᠨ | ᠦᠢᠯᠡᠰ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ | ᠤᠯᠤᠰ ᠤᠨ ᠲᠠᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ ᠰᠣᠩᠭᠤᠭᠳᠠᠪᠠ᠃ | ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠠᠰᠢᠭᠯᠠᠬᠤ ᠶᠢ ᠠᠬᠢᠭᠤᠯᠪᠠ᠃ ᠪᠢᠳᠡ ︽ᠠᠷᠪᠢᠯᠠᠨ ᠭᠠᠮᠨᠠᠬᠤ ᠪᠣᠯ | ᠳᠠᠷᠤᠢ ᠨᠡᠮᠡᠭᠳᠡᠯ᠂ ᠬᠤᠬᠢᠷᠠᠯ ᠢ ᠪᠠᠭᠠᠰᠬᠠᠬᠤ ᠪᠣᠯ ᠳᠠᠷᠤᠢ ᠤᠨᠠᠯᠲᠠ ᠶᠢᠨ ᠨᠡᠮᠡᠭᠳᠡᠯ᠂ ᠬᠤᠷᠣᠭᠳᠠᠯ ᠢ ᠪᠠᠭᠠᠰᠬᠠᠬᠤ ᠪᠣᠯ | ᠳᠠᠷᠤᠢ ᠣᠷᠣᠯᠭ᠎ᠠ ᠶᠢᠨ ᠨᠡᠮᠡᠭᠳᠡᠯ︾ ᠭᠡᠬᠦ ᠲᠠᠨᠢᠯᠲᠠ ᠶᠢ ᠴᠢᠩᠭᠠᠳᠬᠠᠵᠤ᠂ ︽ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠪᠦᠭᠦ ᠨᠡᠶᠢᠭᠡᠮ ᠤᠨ ᠡᠬᠢ ᠪᠠᠶᠠᠯᠢᠭ ᠢ ᠪᠦᠭᠦ | ᠲᠠᠯ᠎ᠠ ᠪᠠᠷ ᠠᠷᠪᠢᠯᠠᠨ ᠡᠷᠴᠢᠮᠵᠢᠭᠦᠯᠬᠦ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠲᠣᠭᠲᠠᠭᠠᠨ ᠨᠡᠶᠢᠲᠡᠯᠡᠵᠦ᠂ | ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠭᠦᠢᠴᠡᠳᠬᠡᠯ ᠲᠤᠭ᠎ᠠ ᠶᠢ ᠦᠨᠡᠯᠡᠬᠦ ᠰᠢᠰᠲ᠋ᠧᠮ ᠢ ᠪᠠᠶᠢᠭᠤᠯᠵᠤ᠂ ᠡᠨᠧᠷᠭᠢ᠂ | ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ᠂ ᠮᠠᠲ᠋ᠧᠷᠢᠶᠠᠯ ᠵᠡᠷᠭᠡ ᠡᠯ᠎ᠡ ᠬᠦᠷᠢᠶᠡᠨ ᠤ ᠠᠷᠪᠢᠯᠠᠯᠲᠠ ᠶᠢ ᠪᠦᠭᠦ | ᠲᠠᠯ᠎ᠠ ᠪᠠᠷ ᠴᠢᠩᠭᠠᠳᠬᠠᠪᠠ᠃ ᠵᠥᠪᠰᠢᠶᠡᠷᠡᠬᠦ ᠶᠢ ᠬᠦᠯᠢᠶᠡᠵᠦ ᠪᠠᠶᠢᠭ᠎ᠠ ᠲᠥᠷᠥᠯ ᠵᠦᠢᠯ᠂ ᠰᠤᠯᠠ ᠪᠠᠶᠢᠭ᠎ᠠ ᠭᠠᠵᠠᠷ | ᠰᠢᠷᠣᠢ᠂ ᠨᠥᠭᠡᠴᠡ ᠪᠡᠯᠡ ᠮᠥᠩᠭᠦ᠂ ︽ᠬᠠᠭᠠᠰ ᠳᠤᠲᠠᠭᠤ ᠤᠷᠭᠢᠬᠰᠠᠨ︾ ᠪᠠᠷᠢᠯᠭ᠎ᠠ᠂ ᠨᠡᠭᠡᠭᠡᠯᠲᠡ ᠶᠢᠨ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢᠨ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠡᠭᠦᠨ ᠳᠤ 9326 ᠲᠥᠷᠥᠯ ᠵᠦᠢᠯ ᠢ ᠵᠥᠪᠰᠢᠶᠡᠷᠡᠬᠦ ᠶᠣᠰᠣᠲᠠᠢ ᠶᠢ ᠨᠢ ᠪᠦᠭᠦᠨ ᠢ ᠵᠥᠪᠰᠢᠶᠡᠷᠡᠵᠦ᠂ ᠵᠥᠪᠰᠢᠶᠡᠷᠡᠭᠰᠡᠨ | ᠪᠠᠶᠢᠲᠠᠯ᠎ᠠ ᠬᠠᠩᠭᠠᠭᠰᠠᠨ ᠦᠭᠡᠢ 53.85 ᠲᠦᠮᠡᠨ ᠮᠦ ᠰᠤᠯᠠ ᠪᠠᠶᠢᠭ᠎ᠠ ᠭᠠᠵᠠᠷ ᠰᠢᠷᠣᠢ ᠶᠢ ᠬᠤᠷᠢᠶᠠᠨ ᠠᠪᠤᠭᠰᠠᠨ | ᠪᠠ ᠰᠢᠢᠳᠪᠦᠷᠢᠯᠡᠪᠡ᠃ 2024 ᠣᠨ ᠳᠤ 11 ᠳ᠋ᠦᠩᠰᠢᠭᠤᠷ ᠵᠢᠩ ᠠᠴᠠ ᠳᠡᠭᠡᠭᠰᠢ ᠠᠮᠤ ᠪᠤᠳᠠᠭ᠎ᠠ ᠠᠷᠪᠢᠯᠠᠵᠤ᠂ | ᠲᠠᠷᠢᠶᠠᠯᠠᠩ ᠤᠨ ᠤᠰᠤ ᠠᠷᠪᠢᠯᠠᠬᠤ ᠬᠡᠮᠵᠢᠶ᠎ᠡ ᠶᠢ 3.8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ | ᠨᠡᠮᠡᠭᠳᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ | ᠪᠠᠭᠤᠷᠠᠭᠤᠯᠬᠤ ᠬᠠᠷᠠᠯᠲᠠ ᠡᠭᠦᠷᠭᠡ ᠶᠢ ᠨᠢᠭᠡ ᠵᠢᠯ ᠤᠷᠢᠳᠴᠢᠯᠠᠨ ᠪᠡᠶᠡᠯᠡᠭᠦᠯᠪᠡ᠃ ︽ᠤᠰᠤ ᠠᠷᠪᠢᠯᠠᠬᠤ ᠠᠵᠢᠯᠯᠠᠭ᠎ᠠ︾ | ᠶᠢ ᠬᠡᠷᠡᠭᠵᠢᠭᠦᠯᠵᠦ᠂ ᠡᠨᠡ ᠵᠢᠯ ᠲᠠᠷᠢᠶᠠᠯᠠᠩ ᠤᠨ ᠤᠰᠤ ᠠᠷᠪᠢᠯᠠᠬᠤ ᠬᠡᠮᠵᠢᠶ᠎ᠡ ᠶᠢ 2.7 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠲᠤ ᠬᠡᠷᠡᠭᠯᠡᠬᠦ ᠤᠰᠤᠨ ᠤ ᠬᠡᠮᠵᠢᠶ᠎ᠡ ᠶᠢ 2020 ᠣᠨ ᠤ ᠬᠢ ᠠᠴᠠ 13% ᠠᠴᠠ ᠳᠡᠭᠡᠭᠰᠢ | ᠪᠠᠭᠠᠰᠬᠠᠵᠤ᠂ ᠬᠠᠲᠤᠨ ᠭᠤᠣᠯ ᠳᠠᠭᠠᠤ ᠬᠤᠲᠠ ᠪᠦᠭᠦᠨ ᠤ ᠤᠰᠤ ᠠᠷᠪᠢᠯᠠᠬᠤ ᠶᠢ ᠪᠠᠷᠢᠮᠵᠢᠶ᠎ᠠ ᠳᠤ ᠬᠦᠷᠭᠡᠬᠦ ᠪᠠᠷ | ᠲᠥᠯᠥᠪᠯᠡᠵᠦ ᠪᠠᠶᠢᠨ᠎ᠠ᠃ | ︽ᠨᠣᠭᠤᠭᠠᠷᠠᠭᠤᠯᠤᠯᠲᠠ ᠬᠢᠵᠦ ᠠᠯᠲᠠ ᠪᠤᠯᠭᠠᠬᠤ︾ ᠠᠵᠢᠯ ᠢ ᠰᠠᠶᠢᠲᠤᠷ ᠬᠢᠪᠡ᠃ ᠨᠣᠮᠢᠨ ᠤᠰᠤ ᠬᠥᠬᠡᠮᠳᠦᠭ | ᠠᠭᠤᠯᠠ ᠪᠣᠯ ᠠᠯᠳᠠᠨ ᠠᠭᠤᠯᠠ ᠮᠥᠩᠭᠦᠨ ᠬᠠᠶᠢᠷᠬᠠᠨ ᠮᠥᠨ᠂ ᠭᠡᠪᠡᠴᠦ ᠨᠣᠮᠢᠨ ᠤᠰᠤ ᠬᠥᠬᠡᠮᠳᠦᠭ ᠠᠭᠤᠯᠠ ᠨᠢ | ᠠᠶᠠᠨᠳᠠᠭᠠᠨ ᠠᠯᠳᠠᠨ ᠠᠭᠤᠯᠠ ᠮᠥᠩᠭᠦᠨ ᠬᠠᠶᠢᠷᠬᠠᠨ ᠪᠣᠯᠣᠨ ᠬᠤᠪᠢᠷᠠᠬᠤ ᠦᠭᠡᠢ ᠶᠤᠮ᠂ ᠵᠠᠩᠭᠢᠯᠠᠭ᠎ᠠ ᠨᠢ | ︽ᠨᠣᠭᠤᠭᠠᠷᠠᠭᠤᠯᠤᠯᠲᠠ ᠶᠢ ᠠᠯᠲᠠ ᠪᠤᠯᠭᠠᠬᠤ︾ ᠴᠢᠳᠠᠪᠤᠷᠢ ᠶᠢ ᠡᠵᠡᠮᠰᠢᠬᠦ ᠳᠤ ᠪᠤᠢ᠃ ᠪᠢᠳᠡ ︽ᠠᠯᠳᠠᠨ ᠠᠭᠤᠯᠠ | ᠮᠥᠩᠭᠦᠨ ᠬᠠᠶᠢᠷᠬᠠᠨ︾ ᠢ ᠬᠤᠪᠢᠷᠠᠭᠤᠯᠬᠤ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠣᠶ ᠰᠢᠭᠤᠢ ᠨᠤᠲᠤᠭ | ᠪᠡᠯᠴᠢᠭᠡᠷ ᠤᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠵᠤ᠂ ᠴᠡᠴᠡᠭ᠂ ᠵᠢᠮᠢᠰ᠂ ᠮᠥᠭᠦ᠂ ᠡᠮ᠂ ᠡᠪᠡᠰᠦ ᠵᠡᠷᠭᠡ | ᠣᠨᠴᠠᠯᠢᠭᠲᠤ ᠠᠵᠤ ᠦᠢᠯᠡᠰ ᠢ ᠪᠦᠭᠦ ᠬᠦᠴᠦᠨ ᠢᠶᠠᠷ ᠢᠶᠠᠨ ᠪᠣᠶᠢᠵᠢᠭᠤᠯᠤᠨ ᠪᠤᠵᠠᠭᠠᠶᠢᠷᠠᠭᠤᠯᠵᠤ᠂ 2024 ᠣᠨ ᠳᠤ | ᠪᠦᠭᠦ ᠣᠷᠣᠨ ᠤ ᠣᠶ ᠰᠢᠭᠤᠢ ᠡᠪᠡᠰᠦᠨ ᠤ ᠠᠵᠤ ᠦᠢᠯᠡᠰ ᠤᠨ ᠦᠢᠯᠡᠳᠬᠦᠨ ᠤ ᠪᠦᠭᠦ ᠥᠷᠲᠡᠭ 1013 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.2% ᠢᠶᠠᠷ ᠨᠡᠮᠡᠭᠳᠡᠵᠦ᠂ | ︽ᠨᠣᠭᠤᠭᠠᠷᠠᠭᠤᠯᠤᠯᠲᠠ ᠶᠢᠨ ᠬᠡᠮᠵᠢᠶ᠎ᠡ︾ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ︽ᠠᠯᠲᠠᠨ ᠤ | ᠠᠭᠤᠯᠤᠭᠳᠠᠴᠠ︾ ᠶᠢ ᠨᠡᠮᠡᠭᠳᠡᠭᠦᠯᠪᠡ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ ᠬᠦᠴᠦᠯᠡᠨ | ᠲᠡᠭᠦᠯᠳᠡᠷᠵᠢᠭᠦᠯᠵᠦ᠂ ᠠᠮᠢ ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠵᠦ᠂ | ᠪᠣᠬᠢᠷᠳᠤᠯ ᠦᠭᠡᠢ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ | ᠪᠣᠬᠢᠷᠳᠤᠯ ᠭᠠᠳᠠᠭᠰᠢᠯᠠᠭᠤᠯᠬᠤ ᠡᠷᠬᠡ᠂ ᠤᠰᠤ ᠬᠡᠷᠡᠭᠯᠡᠬᠦ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ | ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠶᠡᠬᠡᠪᠡᠷ ᠠᠬᠢᠭᠤᠯᠪᠠ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ | ᠪᠠᠭᠠᠰᠬᠠᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠢ ᠲᠥᠰᠥᠪᠯᠡᠨ ᠪᠠᠶᠢᠭᠤᠯᠵᠤ᠂ ᠠᠵᠤ ᠦᠢᠯᠡᠳᠪᠦᠷᠢ ᠶᠢᠨ | ᠬᠦᠷᠢᠶᠡᠨ ᠳᠠᠬᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠪᠠ ᠪᠠᠷᠢᠯᠭ᠎ᠠ᠂ ᠵᠠᠮ ᠬᠠᠷᠢᠯᠴᠠᠭ᠎ᠠ | ᠵᠡᠷᠭᠡ ᠬᠦᠷᠢᠶᠡᠨ ᠳᠠᠬᠢ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠭᠡᠯᠪᠡᠷᠢ ᠶᠢᠨ ᠬᠤᠪᠢᠷᠠᠭᠤᠯᠤᠯᠲᠠ ᠶᠢ | ᠬᠦᠴᠦᠯᠡᠨ ᠠᠬᠢᠭᠤᠯᠵᠤ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠡᠵᠡᠮᠳᠡᠬᠦ︾ ᠶᠢ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ︽ᠬᠤᠶᠠᠷ ᠢ ᠡᠵᠡᠮᠳᠡᠬᠦ︾ ᠲᠡᠶᠢᠰᠢ ᠬᠤᠪᠢᠷᠠᠭᠤᠯᠬᠤ ᠶᠢ | ᠠᠬᠢᠭᠤᠯᠪᠠ᠃ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠠᠷᠠᠯᠵᠢᠶ᠎ᠠ ᠶᠢ ᠢᠳᠡᠪᠬᠢᠲᠡᠢ ᠰᠦᠪᠡᠭᠴᠢᠯᠡᠨ ᠬᠥᠭᠵᠢᠭᠦᠯᠵᠦ᠂ | 2022 ᠣᠨ ᠠᠴᠠ ᠨᠠᠭᠠᠰᠢ 145 ᠲᠦᠮᠡᠨ ᠲᠣᠨ ᠤ ᠠᠷᠠᠯᠵᠢᠶ᠎ᠠ ᠶᠢ ᠪᠡᠶᠡᠯᠡᠭᠦᠯᠪᠡ᠃ | ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠨᠢ ᠨᠢᠭᠡ ᠯᠡ ᠡᠳᠦᠷ ᠲᠤ ᠪᠦᠲᠦᠭᠡᠴᠢᠬᠡᠬᠦ ᠶᠠᠪᠤᠳᠠᠯ | ᠪᠢᠰᠢ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠨᠢ ᠴᠦ ᠨᠢᠭᠡ ᠯᠡ ᠳᠡᠭᠡᠷ᠎ᠡ ᠪᠦᠲᠦᠴᠢᠬᠡᠬᠦ | ᠶᠠᠪᠤᠳᠠᠯ ᠪᠢᠰᠢ ᠶᠤᠮ᠃ ᠰᠢᠨ᠎ᠡ ᠠᠶᠠᠨ ᠵᠠᠮ ᠳᠤ᠂ ᠪᠢᠳᠡ ︽ᠬᠤᠪᠢᠷᠠᠭᠤᠯᠬᠤ︾ ᠶᠢ ᠡᠴᠦᠰ ᠲᠤᠨᠢ ᠲᠤᠯᠲᠠᠯ᠎ᠠ ᠬᠢᠵᠦ᠂ | ᠲᠡᠰᠪᠦᠷᠢ ᠬᠠᠲᠠᠭᠤᠵᠢᠯᠲᠠᠢ ᠪᠠᠷ ᠴᠤᠴᠠᠯᠲᠠ ᠦᠭᠡᠢ ᠤᠷᠤᠭᠰᠢᠯᠠᠵᠤ᠂ ᠵᠣᠷᠢᠭᠰᠠᠨ ᠳᠠᠭᠠᠨ ᠵᠠᠪᠠᠯ ᠬᠦᠷᠬᠦ ︽ᠮᠣᠩᠭᠤᠯ | ᠮᠣᠷᠢᠨ ᠤ ᠵᠣᠷᠢᠭ ᠰᠠᠨᠠᠭ᠎ᠠ︾ ᠪᠣᠯᠣᠨ ᠲᠡᠰᠪᠦᠷᠢ ᠬᠠᠲᠠᠭᠤᠵᠢᠯᠲᠠᠢ ᠲᠡᠮᠡᠴᠡᠵᠦ᠂ ᠬᠠᠷᠠᠮ ᠦᠭᠡᠢ ᠵᠣᠷᠢᠭᠤᠯᠵᠤ᠂ | ᠰᠢᠨᠲᠠᠷᠠᠰᠢ ᠦᠭᠡᠢ ᠴᠢᠷᠮᠠᠶᠢᠵᠤ᠂ ᠤᠷᠳᠤ ᠬᠤᠭᠤᠴᠠᠭ᠎ᠠ ᠪᠠᠷ ᠵᠢᠳᠬᠦᠨ ᠴᠢᠷᠮᠠᠶᠢᠬᠤ ︽ᠤᠮᠠᠷᠠᠲᠤ ᠶᠢᠨ ᠭᠤᠷᠪᠠᠨ | ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ | ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠥᠩᠭᠡ ᠪᠤᠳᠤᠭ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ | ᠮᠣᠩᠭᠤᠯ ᠤᠨ ᠰᠢᠨ᠎ᠡ ᠬᠠᠭᠤᠳᠠᠰᠤᠨ ᠳᠤ ᠥᠩᠭᠡ ᠪᠤᠳᠤᠭ ᠨᠡᠮᠡᠷᠢᠯᠡᠬᠦ ᠬᠡᠷᠡᠭᠲᠡᠢ᠃ | ︵ᠤᠭ ᠵᠣᠬᠢᠶᠠᠯ ᠢ 2025 ᠣᠨ ᠤ 11 ᠳ᠋ᠦ᠋ᠭᠡᠷ ᠬᠤᠭᠤᠴᠠᠭ᠎ᠠ ᠶᠢᠨ ︽ᠦᠨᠡᠨ︾ ᠰᠡᠳᠬᠦᠯ ᠳᠤ ᠨᠡᠶᠢᠲᠡᠯᠡᠪᠡ︶ | |