ᠰᠢᠯᠢ ᠶᠢᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠨᠢᠭᠤᠴᠠ ᠶᠢ ᠬᠠᠮᠠᠭᠠᠯᠠᠬᠤ ᠠᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2025/6/9
    ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ᠺᠠᠳ᠋ᠷ ᠠᠵᠢᠯᠲᠠᠳ ᠤᠨ ᠨᠢᠭᠤᠴᠠ ᠶᠢ ᠬᠠᠮᠠᠭᠠᠯᠠᠬᠤ ᠤᠬᠠᠮᠰᠠᠷ ᠪᠠ ᠬᠠᠷᠢᠭᠤᠴᠠᠯᠭ᠎ᠠ ᠶᠢ ᠴᠢᠩᠭᠠᠳᠬᠠᠬᠤ ᠶᠢᠨ ᠲᠥᠯᠥᠭᠡ᠂ 6 ᠰᠠᠷ᠎ᠠ ᠶᠢᠨ9 ᠤ ᠡᠳᠦᠷ ᠰᠢᠯᠢ ᠶᠢᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠨᠢᠭᠤᠴᠠ ᠶᠢ ᠬᠠᠮᠠᠭᠠᠯᠠᠬᠤ ᠠᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢ ᠵᠣᠬᠢᠶᠠᠨ ᠪᠠᠶᠢᠭᠤᠯᠪᠠ᠃ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠣᠪᠴᠢᠶᠠᠨ ᠳᠠᠷᠤᠭ᠎ᠠ ᠬᠢᠴᠢᠶᠡᠯ ᠤᠷᠤᠵᠤ᠂ ᠲᠣᠪᠴᠢᠶᠠᠨ ᠤ ᠺᠠᠳ᠋ᠷ ᠠᠵᠢᠯᠲᠠᠳ ᠰᠤᠷᠤᠯᠴᠠᠯᠭ᠎ᠠ ᠳᠤ ᠣᠷᠣᠯᠴᠠᠪᠠ᠃    ᠲᠤᠰ ᠤᠳᠠᠭᠠᠨ ᠤ ᠰᠤᠷᠤᠯᠴᠠᠯᠭ᠎ᠠ ᠨᠢ ᠰᠢᠨ᠎ᠡ ᠪᠠᠷ ᠵᠠᠰᠠᠪᠤᠷᠢ ᠣᠷᠣᠭᠤᠯᠣᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢᠨ ᠲᠣᠭᠤᠷᠢᠨ ᠳᠤ ᠨᠢᠭᠤᠴᠠ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢ ᠪᠦᠷᠬᠦᠭᠦᠯᠬᠦ᠂ ᠨᠢᠭᠤᠴᠠ ᠶᠢ ᠬᠠᠮᠠᠭᠠᠯᠠᠬᠤ ᠮᠡᠳᠡᠭᠡ ᠵᠠᠩᠭᠢ ᠶᠢᠨ ᠪᠦᠬᠦ ᠶᠠᠪᠤᠴᠠ ᠶᠢ ᠰᠡᠷᠭᠡᠶᠢᠯᠡᠨ ᠬᠠᠮᠠᠭᠠᠯᠠᠬᠤ ᠶᠢ ᠪᠠᠷᠢᠮᠲᠠᠯᠠᠬᠤ ᠵᠡᠷᠭᠡ ᠠᠭᠤᠯᠭ᠎ᠠ ᠶᠢ ᠰᠤᠷᠤᠯᠴᠠᠵᠠᠢ᠃ ᠡᠭᠦᠨ ᠤ ᠵᠡᠷᠭᠡ ᠳᠤ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠵᠡᠷᠭᠡ ᠲᠤᠰᠬᠠᠶᠢᠯᠠᠭᠰᠠᠨ ᠠᠵᠢᠯ ᠤᠨ ᠠᠬᠤᠢ ᠪᠠᠶᠢᠳᠠᠯ ᠳᠤ ᠴᠢᠭᠯᠡᠭᠦᠯᠦᠨ᠂ ᠠᠵᠢᠯᠲᠠᠳ ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ ᠢ ᠳᠦᠷᠢᠮ ᠳᠤ ᠨᠡᠶᠢᠴᠡᠭᠦᠯᠦᠨ ᠵᠥᠪ ᠬᠡᠷᠡᠭᠯᠡᠵᠦ᠂ ᠨᠢᠭᠤᠴᠠ ᠳᠤ ᠬᠤᠯᠪᠤᠭᠳᠠᠬᠤ ᠮᠡᠳᠡᠭᠡ ᠵᠠᠩᠭᠢ ᠶᠢ ᠲᠣᠭᠲᠠᠭᠠᠯ ᠠᠴᠠ ᠵᠥᠷᠢᠴᠡᠨ ᠬᠠᠳᠠᠭᠠᠯᠠᠬᠤ᠂ ᠸᠢᠴᠠᠲ ᠢᠶᠠᠷ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠢ ᠳᠠᠮᠵᠢᠭᠤᠯᠬᠤ ᠵᠡᠷᠭᠡ ᠪᠠᠶᠢᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ ᠭᠡᠵᠦ ᠴᠢᠬᠤᠯᠠᠴᠢᠯᠠᠪᠠ᠃    ᠲᠤᠰ ᠤᠳᠠᠭᠠᠨ ᠤ ᠰᠤᠷᠤᠯᠴᠠᠯᠭ᠎ᠠ ᠪᠠᠷ ᠳᠠᠮᠵᠢᠨ᠂ ᠪᠣᠯᠪᠠᠰᠤᠷᠠᠯ ᠳᠤ ᠣᠷᠣᠯᠴᠠᠭᠰᠠᠳ ᠲᠤ ᠨᠢᠭᠤᠴᠠ ᠶᠢ ᠬᠠᠮᠠᠭᠠᠯᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠲᠠᠨᠢᠭᠤᠯᠵᠤ᠂ ᠨᠢᠭᠤᠴᠠ ᠶᠢ ᠬᠠᠮᠠᠭᠠᠯᠠᠬᠤ ᠤᠬᠠᠮᠰᠠᠷ ᠢ ᠦᠨᠡᠨ ᠬᠦ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠨᠢᠭᠤᠴᠠ ᠶᠢ ᠬᠠᠮᠠᠭᠠᠯᠠᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠳᠠᠷᠠᠭᠠᠴᠢ ᠶᠢᠨ ᠠᠯᠬᠤᠮ ᠳᠤ ᠰᠢᠯᠢ ᠶᠢᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠢᠭᠤᠴᠠ ᠶᠢ ᠬᠠᠮᠠᠭᠠᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠣᠭᠤᠮ ᠢ ᠦᠨᠡᠨᠬᠦ ᠪᠠᠬᠢᠵᠢᠭᠦᠯᠵᠦ᠂ ᠠᠷᠠᠳ ᠤᠨ ᠶᠠᠪᠤᠳᠠᠯ ᠤᠨ ᠠᠵᠢᠯ ᠤᠨ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ ᠣᠷᠴᠢᠨ ᠲᠣᠭᠤᠷᠢᠨ ᠳᠤ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠤᠲᠠᠯ ᠤᠨ ᠮᠤᠩᠭᠤᠯ ᠰᠥᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号