6 ᠰᠠᠷ᠎ᠠ ᠶᠢᠨ 7 ᠤ ᠡᠳᠦᠷ᠂ ᠵᠢᠯ ᠳᠤ ᠨᠢᠭᠡ ᠤᠳᠠᠭ᠎ᠠ ᠶᠠᠪᠤᠭᠳᠠᠳᠠᠭ ᠤᠯᠤᠰ ᠤᠨ ᠨᠢᠭᠡᠳᠦᠯᠲᠡᠢ ᠰᠢᠯᠭᠠᠯᠲᠠ | ᠪᠣᠯᠵᠤᠭ᠎ᠠ ᠶᠣᠰᠣᠭᠠᠷ ᠬᠦᠷᠴᠦ ᠢᠷᠡᠪᠡ᠃ ᠡᠨᠡ ᠵᠢᠯ ᠪᠣᠯ ᠮᠠᠨ ᠤ ᠣᠷᠣᠨ ᠠᠴᠠ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠠᠩᠬᠠᠨ ᠤ ᠵᠢᠯ ᠪᠣᠯᠣᠨ᠎ᠠ᠂ | ᠥᠪᠡᠷᠲᠡᠭᠡᠨ ᠵᠠᠰᠠᠬᠤ ᠣᠷᠣᠨ ᠠᠴᠠ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠢ | ᠠᠷᠭ᠎ᠠ ᠬᠡᠮᠵᠢᠶ᠎ᠡ ᠪᠠᠷ ᠤᠯᠤᠰ ᠤᠨ ᠨᠢᠭᠡᠳᠦᠯᠲᠡᠢ ᠰᠢᠯᠭᠠᠯᠲᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ | ᠶᠠᠪᠤᠭᠳᠠᠬᠤ ᠶᠢ ᠦᠨᠡᠨ ᠬᠦ ᠪᠠᠲᠤᠯᠠᠵᠤ ᠪᠠᠶᠢᠨ᠎ᠠ᠃ | ᠡᠨᠡ ᠵᠢᠯ᠂ ᠮᠠᠨ ᠤ ᠣᠷᠣᠨ ᠤ ᠤᠯᠤᠰ ᠤᠨ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠦᠭᠰᠡᠨ ᠰᠤᠷᠤᠬᠴᠢ 20. | 9 ᠲᠦᠮᠡᠨ ᠬᠥᠮᠥᠨ ᠪᠠᠶᠢᠵᠤ᠂ ᠡᠮᠦᠨᠡᠬᠢ ᠬᠤᠭᠤᠴᠠᠭᠠᠨ ᠳᠤ ᠨᠢᠭᠡᠨᠲᠡ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠳᠤ ᠲᠤᠰᠠᠭᠠᠷ ᠡᠯᠰᠡᠭᠳᠡᠭᠰᠡᠨ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ 3 ᠵᠢᠯ | ᠰᠤᠷᠤᠯᠴᠠᠬᠰᠠᠨ ᠤ ᠲᠠᠷᠠᠭ᠎ᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠲᠠᠭᠢᠨ 2 ᠵᠢᠯ | ᠰᠤᠷᠤᠯᠴᠠᠬᠤ ᠪᠠᠷ ᠱᠠᠲᠤ ᠰᠢᠯᠵᠢᠭᠦ ᠵᠢᠴᠢ ᠪᠤᠰᠤᠳ ᠲᠤᠰᠠᠭᠠᠷ ᠰᠣᠷᠣᠬᠴᠢ ᠡᠯᠰᠡᠭᠰᠡᠨ 5.2 ᠲᠦᠮᠡᠨ ᠬᠥᠮᠥᠨ ᠠᠴᠠ | ᠭᠠᠳᠠᠨ᠎ᠠ᠂ ᠤᠯᠤᠰ ᠤᠨ ᠨᠢᠭᠡᠳᠦᠯᠲᠡᠢ ᠰᠢᠯᠭᠠᠯᠲᠠ ᠳᠤ ᠪᠣᠳᠠᠲᠠᠢ ᠣᠷᠤᠯᠴᠠᠬᠤ ᠬᠥᠮᠥᠨ ᠪᠠᠷᠤᠭ 15.7 ᠲᠦᠮᠡ | ᠬᠥᠮᠥᠨ ᠪᠠᠶᠢᠨ᠎ᠠ᠃ ᠪᠦᠭᠦ ᠣᠷᠣᠨ ᠤ 12 ᠠᠶᠢᠮᠠᠭ ᠬᠤᠲᠠ ᠳᠤ ᠨᠡᠶᠢᠲᠡ 104 ᠰᠢᠯᠭᠠᠯᠲᠠ ᠶᠢᠨ ᠲᠣᠭᠤᠷᠢᠭ᠂ | 187 ᠰᠢᠯᠭᠠᠯᠲᠠ ᠶᠢᠨ ᠴᠡᠭ᠂ 5625 ᠰᠢᠯᠭᠠᠯᠲᠠ ᠶᠢᠨ ᠲᠠᠯᠠᠪᠠᠶ ᠪᠠ 565 ᠪᠡᠯᠡᠳᠬᠡᠯ ᠰᠢᠯᠭᠠᠯᠲᠠ ᠶᠢᠨ ᠲᠠᠯᠠᠪᠠᠶ | ᠲᠣᠬᠢᠷᠠᠭᠤᠯᠵᠤ᠂ ᠰᠢᠯᠭᠠᠯᠲᠠ ᠶᠢ ᠴᠥᠮ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠠᠶ ᠳᠤ ᠶᠠᠪᠤᠭᠳᠠᠭᠤᠯᠤᠨ᠎ᠠ᠃ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠭᠦᠯᠦᠭᠰᠡᠨ ᠪᠦᠭᠦ | ᠤᠯᠤᠰ ᠤᠨ ᠲᠠᠪᠤᠳᠤᠭᠠᠷ ᠪᠦᠯᠦᠭ ᠤᠨ ᠨᠠᠢᠮᠠᠨ ᠮᠤᠵᠢ ᠣᠷᠣᠨ ᠤ ᠨᠢᠭᠡ ᠪᠣᠯᠤᠭᠰᠠᠨ ᠤ ᠬᠤᠪᠢ ᠳᠤ᠂ ᠡᠨᠡ ᠵᠢᠯ | ᠥᠪᠥᠷ ᠮᠣᠩᠭᠤᠯ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ ᠡᠯᠰᠡᠬᠦ ᠰᠢᠯᠭᠠᠯᠲᠠ ᠳᠤ ︽3 + 1 | + 2︾ ᠤᠨ ᠵᠠᠭᠪᠤᠷ ᠢ ᠬᠡᠷᠡᠭᠵᠢᠭᠦᠯᠵᠦ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠢᠴᠢᠶᠡᠯ ᠲᠥᠷᠥᠯ ᠪᠠ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠣᠩᠭᠤᠯᠲᠠ ᠶᠢᠨ ᠴᠢᠨᠠᠷᠲᠠᠢ | ᠰᠢᠯᠭᠠᠯᠲᠠ ᠶᠢᠨ ᠬᠢᠴᠢᠶᠡᠯ ᠲᠥᠷᠥᠯ ᠢᠶᠠᠷ ᠪᠦᠷᠢᠯᠳᠦᠪᠡ᠃ ᠡᠭᠦᠨ ᠳᠤ᠂︽3︾ ᠭᠡᠳᠡᠭ ᠨᠢ ᠪᠦᠭᠦ ᠤᠯᠤᠰ ᠤᠨ | ᠨᠢᠭᠡᠳᠦᠯᠲᠡᠢ ᠰᠢᠯᠭᠠᠬᠤ ᠬᠢᠴᠢᠶᠡᠯ ᠲᠥᠷᠥᠯ ᠤᠨ ᠭᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠭᠡᠯᠡ ᠶᠢ ᠵᠢᠭᠠᠵᠤ | ᠪᠠᠶᠢᠨ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠦ ᠬᠤᠪᠢᠶᠠᠬᠤ ᠦᠭᠡᠢ᠂ | ᠪᠤᠶ ᠪᠦᠬᠦᠢ ᠰᠢᠯᠭᠠᠭᠤᠯᠤᠭᠴᠢ ᠵᠠᠪᠠᠯ ᠰᠢᠯᠭᠠᠬᠤ ᠬᠡᠷᠡᠭᠲᠡᠢ︔ ︽1︾ ᠪᠠ ︽2︾ ᠪᠣᠯ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠣᠩᠭᠤᠯᠲᠠ ᠶᠢᠨ ᠴᠢᠨᠠᠷᠲᠠᠢ ᠰᠢᠯᠭᠠᠯᠲᠠ ᠶᠢᠨ ᠬᠢᠴᠢᠶᠡᠯ | ᠲᠥᠷᠥᠯ ᠪᠠᠶᠢᠵᠤ᠂ ︽1︾ ᠭᠡᠳᠡᠭ ᠨᠢ ᠲᠡᠷᠢᠭᠦᠨ ᠰᠣᠩᠭᠤᠯᠲᠠ ᠶᠢᠨ ᠬᠢᠴᠢᠶᠡᠯ ᠲᠥᠷᠥᠯ ᠮᠥᠨ᠂ ᠳᠠᠷᠤᠢ ᠹᠢᠽᠢᠺ᠂ | ᠲᠡᠦᠬᠡ ᠶᠢᠨ ᠬᠢᠴᠢᠶᠡᠯ ᠲᠥᠷᠥᠯ ᠳᠣᠲᠣᠷ᠎ᠠ ᠠᠴᠠ 1 ᠬᠢᠴᠢᠶᠡᠯ ᠲᠥᠷᠥᠯ ᠢ ᠰᠣᠩᠭᠤᠨ᠎ᠠ︔ ︽2︾ ᠭᠡᠳᠡᠭ ᠨᠢ ᠳᠠᠭᠢᠨ | ᠰᠣᠩᠭᠤᠯᠲᠠ ᠶᠢᠨ ᠬᠢᠴᠢᠶᠡᠯ ᠪᠣᠯᠣᠨ᠎ᠠ᠂ ᠰᠢᠯᠭᠠᠭᠤᠯᠤᠭᠴᠢ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠢ᠂ ᠬᠢᠮᠢ᠂ | ᠠᠮᠢᠳᠤ ᠪᠣᠳᠠᠰ ᠤᠨ ᠤᠬᠠᠭᠠᠨ ᠵᠡᠷᠭᠡ ᠬᠢᠴᠢᠶᠡᠯ ᠲᠦᠷᠦᠯ ᠳᠣᠲᠣᠷ᠎ᠠ ᠠᠴᠠ 2 ᠬᠢᠴᠢᠶᠡᠯ ᠲᠦᠷᠦᠯ ᠢ ᠰᠣᠩᠭᠤᠵᠤ | ᠪᠣᠯᠣᠨ᠎ᠠ᠃ ᠡᠨᠡ ᠬᠦ ᠬᠡᠪ ᠵᠠᠭᠪᠤᠷ ᠲᠤ ᠰᠣᠷᠣᠬᠴᠢ ᠥᠪᠡᠷ ᠤᠨ ᠳᠤᠷ᠎ᠠ ᠪᠠᠬ᠎ᠠ᠂ ᠳᠤᠷ᠎ᠠ ᠰᠣᠨᠢᠷᠬᠠᠯ᠂ ᠣᠨᠴᠠ | ᠴᠢᠳᠠᠪᠤᠷᠢ ᠪᠠᠨ ᠦᠨᠳᠦᠰᠦᠯᠡᠨ᠂ 12 ᠵᠦᠢᠯ ᠤᠨ ᠬᠠᠮ ᠬᠡᠰᠡᠭᠯᠡᠯ ᠳᠣᠲᠣᠷ᠎ᠠ ᠠᠴᠠ ᠨᠢᠭᠡ ᠶᠢ ᠨᠢ ᠡᠵᠡᠨ ᠮᠡᠳᠡᠵᠦ | ᠰᠣᠩᠭᠤᠵᠤ ᠪᠣᠯᠣᠨ᠎ᠠ᠃ ᠪᠡᠶ᠎ᠡ ᠶᠢᠨ ᠲᠠᠮᠢᠷ ᠤᠨ ᠲᠥᠷᠥᠯ᠂ ᠤᠷᠠᠯᠢᠭ ᠤᠨ ᠲᠥᠷᠥᠯ ᠵᠡᠷᠭᠡ ᠲᠤᠰᠬᠠᠢ ᠮᠡᠷᠭᠡᠵᠢᠯ ᠳᠤ | ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠵᠣᠬᠢᠬᠤ ᠲᠤᠰᠬᠠᠢ | ᠮᠡᠷᠭᠡᠵᠢᠯ ᠤᠨ ᠰᠢᠯᠭᠠᠯᠲᠠ ᠳᠤ ᠣᠷᠣᠯᠴᠠᠨ᠎ᠠ᠃ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠣᠳᠠᠲᠠᠢ ᠴᠠᠭ ᠨᠢ᠂ 6 | ᠰᠠᠷ᠎ᠠ ᠶᠢᠨ 7 ᠤ ᠡᠳᠦᠷ ᠤᠨ 9᠄ 00 -11᠄ 30 ᠭᠡᠯᠡ ᠪᠢᠴᠢᠭ᠂ 15᠄ 00 -17᠄ 00 ᠲᠣᠭᠠᠨ ᠤ ᠤᠬᠠᠭᠠᠨ︔ | 6 ᠰᠠᠷ᠎ᠠ ᠶᠢᠨ 8 ᠤ ᠡᠳᠦᠷ ᠤᠨ 9᠄ 00 -10᠄ 15 ᠹᠢᠽᠢᠺ / ᠲᠡᠦᠬᠡ᠂ 15᠄ 00 -17᠄ 00 ᠭᠠᠳᠠᠭᠠᠳᠤ | ᠭᠡᠯᠡ ︵ᠰᠣᠨᠣᠰᠬᠤ ᠴᠢᠳᠠᠪᠤᠷᠢ ᠶᠢᠨ ᠰᠢᠯᠭᠠᠯᠲᠠ ᠪᠠᠭᠲᠠᠨ᠎ᠠ︶︔ 6 ᠰᠠᠷ᠎ᠠ ᠶᠢᠨ 9 ᠤ ᠡᠳᠦᠷ ᠤᠨ 8᠄ 30 - 9᠄ 45 | ᠬᠢᠮᠢ᠂ 11᠄ 00 -12᠄ 15 ᠭᠠᠵᠠᠷ ᠵᠦᠢ᠂ 14᠄ 30 -15᠄ 45 ᠦᠵᠡᠯ ᠰᠠᠨᠠᠭ᠎ᠠ ᠤᠯᠤᠰ ᠲᠥᠷᠥ᠂ 17᠄ 00 | -18᠄ 15 ᠠᠮᠢᠳᠤ ᠪᠣᠳᠠᠰ ᠤᠨ ᠤᠬᠠᠭᠠᠨ᠃ ᠮᠣᠩᠭᠤᠯ ᠭᠡᠯᠡ ᠨᠡᠮᠡᠵᠦ ᠰᠢᠯᠭᠠᠬᠤ ᠰᠢᠯᠭᠠᠯᠲᠠ ᠶᠢᠨ ᠴᠠᠭ ᠨᠢ 6 | ᠰᠠᠷ᠎ᠠ ᠶᠢᠨ 10 ᠤ ᠡᠳᠦᠷ ᠤᠨ 9᠄ 00 -11᠄ 30 ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠶᠡᠭᠡ ᠳᠡᠭᠡᠳᠦ ᠰᠤᠷᠭᠠᠭᠤᠯᠢ ᠶᠢᠨ | ᠰᠣᠷᠣᠬᠴᠢ ᠶᠢᠨ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ | ᠥᠭᠡᠷᠡᠴᠢᠯᠡᠯᠲᠡ ᠨᠢ ᠰᠢᠯᠭᠠᠬᠤ ᠬᠢᠴᠢᠶᠡᠯ ᠲᠥᠷᠥᠯ᠂ ᠬᠢᠷᠢ ᠪᠦᠲᠦᠮᠵᠢ ᠶᠢ ᠨᠡᠶᠢᠲᠡᠯᠡᠬᠦ᠂ ᠡᠷᠡᠮᠡᠯᠵᠡᠯ ᠲᠠᠭᠯᠠᠬᠤ ᠪᠠ | ᠡᠯᠰᠡᠬᠦ ᠵᠡᠷᠭᠡ ᠲᠠᠯ᠎ᠠ ᠪᠠᠷ ᠬᠤᠪᠢᠷᠠᠯᠲᠠ ᠭᠠᠷᠪᠠ᠂ 2025 ᠣᠨ ᠤ ᠰᠢᠨ᠎ᠡ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ | ᠣᠷᠣᠨ ᠠᠴᠠ ᠰᠢᠯᠭᠠᠬᠤ ᠪᠠ ᠰᠣᠷᠣᠬᠴᠢ ᠡᠯᠰᠡᠬᠦ ᠠᠵᠢᠯ ᠤᠨ ᠲᠥᠰᠥᠯ᠂ ᠰᠢᠯᠭᠠᠯᠲᠠ ᠶᠢᠨ ᠶᠠᠪᠤᠳᠠᠯ ᠤᠨ | ᠬᠠᠮᠢᠶᠠᠷᠤᠯᠲᠠ᠂ ᠡᠷᠡᠮᠡᠯᠵᠡᠯ ᠲᠠᠭᠯᠠᠬᠤ ᠪᠠ ᠲᠠᠩᠰᠠ ᠡᠪᠬᠡᠮᠡᠯ ᠢᠶᠠᠨ ᠲᠤᠰᠢᠶᠠᠬᠤ ᠡᠯᠰᠡᠬᠦ ᠵᠡᠷᠭᠡ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ᠂ ᠠᠵᠢᠯ ᠤᠨ ᠭᠤᠭᠴᠤᠭ᠎ᠠ ᠶᠢ ᠪᠦᠭᠦ ᠶᠠᠪᠤᠴᠠ ᠳᠤ | ᠨᠠᠷᠢᠯᠢᠭᠵᠢᠭᠤᠯᠤᠨ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ | ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠭᠦ ᠬᠦᠴᠦᠨ ᠢᠶᠠᠷ ᠢᠶᠠᠨ ᠬᠠᠮᠠᠭᠠᠯᠠᠭᠰᠠᠨ | ᠪᠠᠶᠢᠨ᠎ᠠ ᠭᠡᠵᠦ ᠲᠠᠨᠢᠯᠴᠠᠭᠤᠯᠪᠠ᠃ |